ᠰᠢ ᠶᠢᠨ ᠫᠢᠩ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠭᠦᠳᠡ ᠬᠤᠷᠠᠯ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠡᠭᠦᠷᠭᠡ ᠬᠠᠷᠢᠭᠤᠴᠠᠯᠭ᠎ᠠ ᠴᠢᠩᠭᠠᠳᠬᠠᠵᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2024/3/8
     ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 7 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 7 ᠤ ᠦᠳᠡ ᠶᠢᠨ ᠬᠤᠶᠢᠨ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠭᠦᠳᠡ ᠬᠤᠷᠠᠯ ᠳᠤ ᠣᠷᠣᠯᠴᠠᠬᠤ ᠳᠠᠭᠠᠨ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠵᠤ᠂ ᠤᠯᠤᠰ ᠤᠨ ᠠᠮᠤᠷ ᠲᠦᠪᠰᠢᠨ ᠪᠣᠯᠣᠨ ᠴᠡᠷᠢᠭ ᠤᠨ ᠶᠠᠪᠤᠳᠠᠯ ᠤᠨ ᠲᠡᠮᠡᠴᠡᠯ ᠤᠨ ᠰᠠᠨᠠᠭᠠᠴᠢᠯᠠᠭᠠᠲᠤ ᠡᠷᠬᠡ ᠳᠤ ᠬᠤᠯᠪᠣᠭᠳᠠᠵᠤ ᠪᠠᠶᠢᠳᠠᠭ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠳᠠᠯᠠᠢ ᠶᠢᠨ ᠴᠡᠷᠢᠭ ᠤᠨ ᠠᠢ ᠶᠢᠩ ᠴᠦᠨ ᠲᠥᠯᠥᠭᠡᠯᠡᠭᠴᠢ᠂ ᠪᠠᠶᠢᠯᠳᠤᠬᠤ ᠪᠣᠳᠣᠯᠭ᠎ᠠ ᠶᠢᠨ ᠲᠤᠰᠠᠯᠠᠬᠤ ᠴᠡᠷᠢᠭ ᠠᠩᠭᠢ ᠶᠢᠨ ᠡᠦ ᠱᠧᠩ ᠶᠠᠨ ᠲᠥᠯᠥᠭᠡᠯᠡᠭᠴᠢ᠂ ᠡᠮᠦᠨᠡᠳᠦ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠴᠢᠶᠣᠣ ᠱᠠ ᠱᠠ ᠲᠥᠯᠥᠭᠡᠯᠡᠭᠴᠢ᠂ ᠪᠠᠶᠢᠯᠳᠤᠬᠤ ᠪᠣᠳᠣᠯᠭ᠎ᠠ ᠶᠢᠨ ᠲᠤᠰᠠᠯᠠᠬᠤ ᠴᠡᠷᠢᠭ ᠠᠩᠭᠢ ᠶᠢᠨ ᠾᠧ ᠢᠦᠢ ᠹᠠᠨ ᠲᠥᠯᠥᠭᠡᠯᠡᠭᠴᠢ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠣᠣ ᠳ᠋ᠠᠩ ᠨᠠᠢ ᠲᠥᠯᠥᠭᠡᠯᠡᠭᠴᠢ᠂ ᠬᠠᠭᠤᠷᠠᠢ ᠵᠠᠮ ᠤᠨ ᠴᠡᠷᠢᠭ ᠤᠨ ᠵᠧᠩ ᠶᠢᠨ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠳᠠᠯᠠᠢ ᠲᠠᠩᠭᠢᠰ ᠤᠨ ᠪᠠᠶᠢᠳᠠᠯ ᠢ ᠰᠡᠷᠡᠨ ᠮᠡᠳᠡᠷᠡᠬᠦᠢ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ᠂ ᠰᠦᠯᠵᠢᠶᠡᠨ ᠤ ᠣᠷᠣᠨ ᠵᠠᠢ ᠶᠢᠨ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠵᠣᠬᠢᠶᠠᠮᠠᠯ ᠣᠶᠣᠨ ᠴᠢᠳᠠᠪᠤᠷᠢ ᠶᠢᠨ ᠬᠡᠷᠡᠭᠯᠡᠯᠲᠡ ᠶᠢ ᠠᠬᠢᠭᠤᠯᠬᠤ᠂ ᠰᠠᠨᠰᠠᠷ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠴᠤ ᠬᠡᠷᠡᠭᠯᠡᠬᠦ ᠶᠢ ᠴᠢᠩᠭᠠᠳᠬᠠᠬᠤ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠷᠢᠮᠵᠢᠶᠠᠲᠤ ᠨᠡᠶᠢᠳᠡᠮ ᠬᠡᠷᠡᠭᠯᠡᠬᠦ ᠪᠠᠶᠢᠭᠤᠯᠤᠯᠲᠠ ᠶᠢ ᠴᠢᠩᠭᠠᠳᠬᠠᠬᠤ᠂ ᠬᠥᠮᠥᠨ ᠦᠭᠡᠢ ᠪᠠᠶᠢᠯᠳᠤᠬᠤ ᠬᠦᠴᠦᠨ ᠤ ᠪᠠᠶᠢᠭᠤᠯᠤᠯᠲᠠ ᠪᠠ ᠬᠡᠷᠡᠭᠯᠡᠯᠲᠡ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠠᠰᠠᠭᠤᠳᠠᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃      3 ᠰᠠᠷ᠎ᠠ ᠶᠢᠨ 7 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠭᠦᠳᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃      ᠰᠢ ᠶᠢᠨ ᠫᠢᠩ ᠲᠥᠯᠥᠭᠡᠯᠡᠭᠴᠢ ᠨᠢᠭᠡ ᠪᠦᠷᠢ ᠶᠢᠨ ᠬᠡᠯᠡᠬᠦ ᠶᠢ ᠨᠠᠷᠢᠨ ᠬᠢᠨᠠᠮᠠᠭᠠᠢ ᠰᠣᠨᠣᠰᠬᠤ ᠶᠢᠨ ᠳᠠᠭᠠᠤ ᠲᠡᠳᠡᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠪᠠ᠃ 6 ᠲᠥᠯᠥᠭᠡᠯᠡᠭᠴᠢ ᠦᠭᠡ ᠬᠡᠯᠡᠭᠰᠡᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠭᠤᠣᠯᠳᠠᠭᠤ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠱᠠᠭᠠᠷᠳᠠᠯᠭ᠎ᠠ ᠳᠤᠷᠠᠳᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠰᠢᠨ᠎ᠡ ᠬᠡᠯᠪᠡᠷᠢ ᠶᠢᠨ ᠪᠠᠶᠢᠯᠳᠤᠬᠤ ᠬᠦᠴᠦᠨ ᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠯᠢ ᠣᠯᠠᠨ ᠴᠢᠬᠤᠯᠠ ᠶᠡᠭᠡ ᠦᠷ᠎ᠡ ᠪᠦᠲᠦᠭᠡᠯ ᠣᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ᠂ ᠨᠠᠮ ᠤᠨ ᠲᠥᠪ ᠬᠤᠷᠢᠶ᠎ᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠥᠬᠦ ᠲᠠᠯ᠎ᠠ ᠠᠴᠠ ᠡᠭᠦᠰᠴᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠶᠢ ᠲᠣᠳᠣᠷᠬᠠᠢ ᠳᠤᠷᠠᠳᠴᠠᠢ᠃ ᠡᠨᠡ ᠨᠢ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠳᠤ ᠣᠯᠳᠠᠬᠤᠶ᠎ᠠ ᠪᠡᠷᠬᠡ ᠠᠵᠠ ᠲᠣᠬᠢᠶᠠᠯ ᠬᠠᠩᠭᠠᠪᠠ᠃ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠬᠥᠭᠵᠢᠯᠲᠡ ᠶᠢᠨ ᠣᠨᠴᠠᠯᠢᠭ ᠵᠢᠮ᠎ᠡ ᠶᠣᠰᠣ ᠶᠢ ᠡᠵᠡᠮᠳᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯᠣᠨ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠢ ᠥᠨᠳᠥᠷ ᠪᠦᠲᠦᠮᠵᠢᠲᠡᠢ ᠠᠭᠤᠰᠤᠯᠴᠠᠭᠤᠯᠬᠤ᠂ ᠬᠤᠣᠰ ᠴᠢᠭᠯᠡᠯ ᠢᠶᠠᠷ ᠬᠦᠴᠦᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠬᠥᠭᠵᠢᠯᠲᠡ ᠶᠢᠨ ᠭᠤᠣᠯᠳᠠᠯᠭ᠎ᠠ ᠶᠢ ᠳᠣᠪᠤᠶᠢᠯᠭᠠᠵᠤ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠯᠳᠤᠬᠤ ᠪᠣᠳᠣᠯᠭ᠎ᠠ ᠪᠣᠯᠣᠨ ᠲᠥᠯᠥᠪᠵᠢᠭᠦᠯᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠳᠠᠯᠠᠢ ᠳᠡᠭᠡᠷᠡᠬᠢ ᠴᠡᠷᠢᠭ ᠤᠨ ᠶᠠᠪᠤᠳᠠᠯ ᠤᠨ ᠲᠡᠮᠡᠴᠡᠯ ᠤᠨ ᠪᠡᠯᠡᠳᠬᠡᠯ᠂ ᠳᠠᠯᠠᠢ ᠲᠠᠩᠭᠢᠰ ᠤᠨ ᠡᠷᠬᠡ ᠠᠰᠢᠭ ᠢ ᠬᠠᠮᠠᠭᠠᠯᠠᠬᠤ ᠪᠠ ᠳᠠᠯᠠᠢ ᠳᠠᠩᠭᠢᠰ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠰᠠᠨᠰᠠᠷ ᠤᠨ ᠠᠶᠠᠯᠠᠯ ᠤᠨ ᠪᠠᠶᠢᠷᠢᠰᠢᠯ ᠢ ᠰᠢᠯᠢᠳᠡᠭᠵᠢᠭᠦᠯᠵᠦ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠰᠦᠯᠵᠢᠶᠡᠨ ᠤ ᠣᠷᠣᠨ ᠵᠠᠢ ᠶᠢᠨ ᠰᠡᠷᠭᠡᠶᠢᠯᠡᠯᠲᠡ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠣᠶᠤᠨᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠶᠢ ᠴᠢᠩᠭᠠᠳᠬᠠᠵᠤ᠂ ᠲᠡᠷᠢᠭᠦᠨ ᠤ ᠦᠷ᠎ᠡ ᠪᠦᠲᠦᠭᠡᠯ ᠢ ᠬᠡᠷᠡᠭᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠬᠥᠭᠵᠢᠯᠲᠡ ᠶᠢ ᠦᠨᠳᠦᠰᠦᠨ ᠠᠴᠠ ᠨᠢ ᠠᠪᠴᠤ ᠬᠡᠯᠡᠪᠡᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠭᠡᠨ ᠠᠴᠠ ᠢᠷᠡᠯᠲᠡ ᠲᠠᠢ ᠶᠤᠮ᠃ ᠰᠢᠨ᠎ᠡ ᠶᠢ ᠡᠭᠦᠳᠬᠦ ᠢᠲᠡᠭᠡᠯ ᠢᠶᠠᠨ ᠴᠢᠩᠭᠠᠳᠬᠠᠵᠤ᠂ ᠥᠪᠡᠷ ᠤᠨ ᠪᠡᠶ᠎ᠡ ᠪᠠᠷ ᠢᠶᠠᠨ ᠭᠤᠣᠯ ᠪᠣᠯᠭᠠᠵᠤ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ᠂ ᠠᠩᠬᠠᠨ ᠤ ᠰᠢᠨ᠎ᠡ ᠡᠭᠦᠳᠦᠯᠲᠡ ᠶᠢ ᠶᠡᠭᠡ ᠪᠠᠷ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯᠣᠨ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠤ ᠨᠡᠮᠡᠭᠳᠡᠯ ᠤᠨ ᠲᠦᠢᠯ ᠢ ᠡᠭᠦᠳᠬᠦ ᠬᠡᠷᠡᠭᠲᠡᠢ᠃ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠰᠣᠯᠪᠢᠴᠠᠨ ᠠᠭᠤᠰᠤᠯᠴᠠᠨ ᠬᠥᠭᠵᠢᠬᠦ ᠣᠨᠴᠠᠯᠢᠭ ᠢ ᠡᠵᠡᠮᠳᠡᠵᠦ᠂ ᠬᠤᠷᠠᠮᠠᠯ ᠰᠢᠨ᠎ᠡ ᠡᠭᠦᠳᠦᠯᠲᠡ ᠪᠠ ᠶᠡᠷᠦᠩᠬᠡᠶᠢᠯᠡᠭᠰᠡᠨ ᠬᠡᠷᠡᠭᠯᠡᠭᠡ ᠶᠢ ᠴᠢᠩᠭᠠᠳᠬᠠᠵᠤ᠂ ᠣᠯᠠᠨ ᠲᠠᠯ᠎ᠠ ᠪᠠᠷ ᠰᠢᠪᠲᠤᠯᠤᠯᠲᠠ ᠭᠠᠷᠭᠠᠬᠤ᠂ ᠬᠠᠮᠲᠤ ᠪᠠᠷ ᠬᠥᠭᠵᠢᠨ ᠪᠠᠳᠠᠷᠠᠭᠰᠠᠨ ᠠᠮᠢᠳᠤᠯᠢᠭ ᠪᠠᠶᠢᠳᠠᠯ ᠢ ᠪᠣᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠴᠢᠨᠠᠭᠰᠢᠳᠠ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠣᠯᠳᠠᠯᠭ᠎ᠠ ᠪᠣᠯᠭᠠᠨ ᠲᠣᠪᠤᠶᠢᠯᠭᠠᠵᠤ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠨᠡᠭᠡᠭᠡᠯᠲᠡ ᠬᠢᠵᠦ ᠠᠭᠤᠰᠤᠯᠴᠠᠬᠤ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠰᠢᠨ᠎ᠡ ᠶᠢ ᠡᠭᠦᠳᠬᠦ ᠠᠮᠢ ᠠᠬᠤᠢ ᠶᠢ ᠪᠠᠶᠢᠭᠤᠯᠵᠤ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠬᠡᠷᠡᠭᠴᠡᠭᠡ ᠶᠢ ᠵᠣᠯᠭᠠᠭᠤᠯᠬᠤ᠂ ᠲᠥᠯᠥᠪᠵᠢᠭᠦᠯᠭᠡ ᠶᠢ ᠵᠣᠯᠭᠠᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠶᠢᠨ  ᠳᠦᠷᠢᠮ  ᠲᠣᠭᠲᠠᠴᠠ  ᠶᠢ  ᠪᠦᠷᠢᠨᠰᠢᠭᠦᠯᠦᠨ  ᠲᠡᠭᠦᠯᠳᠡᠷᠵᠢᠭᠦᠯᠵᠦ᠂ ᠪᠠᠷᠢᠮᠵᠢᠶ᠎ᠠ ᠶᠢ ᠨᠡᠶᠢᠳᠡᠮ ᠬᠡᠷᠡᠭᠯᠡᠬᠦ  ᠵᠠᠮ ᠢᠶᠠᠷ  ᠰᠠᠶᠢᠲᠤᠷ  ᠵᠠᠮᠨᠠᠵᠤ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠬᠥᠭᠵᠢᠯᠲᠡ ᠶᠢᠨ ᠪᠦᠬᠦᠯᠢ ᠴᠣᠭᠴᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠃ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠤ ᠬᠠᠩᠭᠠᠯᠭ᠎ᠠ ᠶᠢ ᠲᠦᠷᠭᠡᠳᠬᠡᠬᠦ ᠪᠠᠷ ᠬᠦᠲᠦᠯᠦᠮᠵᠢ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠡᠷᠢᠭᠦᠨ ᠤ ᠮᠡᠷᠭᠡᠵᠢᠯ ᠤᠨ ᠬᠤᠷᠴᠠ ᠱᠠᠯᠠᠮᠠᠭᠠᠢ ᠪᠠᠷ ᠴᠤᠤᠷᠢᠶᠠᠲᠤᠬᠤ᠂ ᠲᠦᠷᠭᠡᠨ ᠣᠨᠳᠣᠣᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠬᠥᠭᠵᠢᠯᠲᠡ ᠲᠠᠢ ᠵᠣᠬᠢᠴᠠᠭᠰᠠᠨ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢ ᠪᠠᠶᠢᠭᠤᠯᠬᠤ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠰᠢᠨᠡᠳᠬᠡᠵᠦ᠂ ᠰᠢᠨ᠎ᠡ ᠬᠡᠯᠪᠡᠷᠢ ᠶᠢᠨ ᠪᠠᠶᠢᠯᠳᠤᠬᠤ ᠬᠦᠴᠦᠨ ᠤ ᠪᠠᠶᠢᠭᠤᠯᠤᠯᠲᠠ ᠪᠠ ᠬᠡᠷᠡᠭᠯᠡᠭᠡᠨ ᠤ ᠵᠠᠭᠪᠤᠷ ᠢ ᠵᠣᠷᠢᠭᠲᠠᠢ ᠪᠠᠷ ᠰᠢᠨ᠎ᠡ ᠶᠢ ᠡᠭᠦᠳᠦᠨ ᠰᠦᠪᠡᠭᠴᠢᠯᠡᠵᠦ᠂ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠢ ᠭᠦᠢᠴᠡᠳ ᠴᠢᠯᠦᠭᠡᠯᠡᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠬᠤᠷᠠᠯ ᠢ ᠡᠷᠬᠢᠯᠡᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠵᠠᠩ ᠱᠧᠩ ᠮᠢᠨ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号