ᠴᠡᠴᠡᠭ ᠤᠨ ᠲᠣᠭᠤᠰᠣ ᠶᠢ ᠬᠡᠷᠬᠢᠨ ᠰᠡᠷᠭᠡᠶᠢᠯᠡᠬᠦ ᠪᠣᠢ︖
ᠨᠡᠶᠢᠲᠡᠯᠡᠭᠰᠡᠨ ᠴᠠᠭ᠄
2024/4/20
     ᠮᠠᠨ ᠤ ᠤᠯᠤᠰ ᠲᠤ ᠴᠡᠴᠡᠭ ᠤᠨ ᠲᠣᠭᠤᠰᠣᠨ ᠳᠤ ᠬᠠᠷᠰᠢᠬᠤ ᠬᠥᠮᠥᠰ ᠶᠠᠪᠤᠬᠤ ᠲᠤᠰᠤᠮ ᠣᠯᠠᠰᠢᠷᠠᠵᠤ᠂  4  ᠰᠠᠷ᠎ᠠ ᠲᠠᠢ ᠨᠢᠯᠬ᠎ᠠ ᠬᠡᠦᠬᠡᠳ ᠠᠴᠠ ᠠᠪᠤᠭᠠᠳ 60 ᠨᠠᠰᠤᠨ ᠠᠴᠠ ᠳᠡᠭᠡᠭᠰᠢᠬᠢ ᠨᠠᠰᠤᠲᠠᠨ ᠬᠦᠷᠲᠡᠯ᠎ᠡ ᠪᠦᠷ ᠴᠡᠴᠡᠭ ᠤᠨ  ᠲᠣᠭᠤᠰᠣᠨ‌‍ᠳᠣ ᠬᠠᠷᠰᠢᠬᠤ ᠪᠠᠶᠢᠳᠠᠯ ᠢᠯᠡᠷᠡᠵᠦ ᠪᠠᠶᠢᠨ᠎ᠠ᠃ ᠲᠡᠭᠡᠪᠡᠯ ᠴᠡᠴᠡᠭ ᠤᠨ ᠲᠣᠭᠤᠰᠣ ᠶᠢ ᠬᠡᠷᠬᠢᠨ ᠰᠡᠷᠭᠡᠶᠢᠯᠡᠪᠡᠯ ᠵᠣᠬᠢᠬᠤ ᠪᠣᠢ︖ ᠡᠨᠡ‌‍ᠲ᠋ᠤᠬᠠᠢ ᠪᠡᠭᠡᠵᠢᠩ ᠬᠤᠲᠠ ᠶᠢᠨ ᠡᠪᠡᠳᠴᠢᠨ ᠬᠢᠵᠢᠭ ᠢ ᠰᠡᠷᠭᠡᠶᠢᠯᠡᠨ ᠳᠠᠷᠤᠬᠤ ᠲᠥᠪ ᠤᠨ ᠬᠢᠨ ᠬᠠᠮᠢᠶᠠᠲᠠᠢ ᠮᠡᠳᠡᠭᠡ  ᠨᠡᠶᠢᠲᠡᠯᠡᠵᠦ‌ᠣᠯᠠᠨ ᠳᠤ ᠰᠠᠨᠠᠭᠤᠯᠤᠭᠰᠠᠨ ᠪᠠᠶᠢᠨ᠎ᠠ᠃ ᠲᠤᠬᠠᠶᠢᠯᠠᠪᠠᠯ᠂                    ᠨᠢᠭᠡ ᠳᠤ᠂ ᠬᠤᠸᠠᠷ ᠴᠡᠴᠡᠭ ᠲᠠᠢ ᠰᠢᠭᠤᠳ ᠣᠶᠢᠷᠠᠲᠤᠬᠤ  ᠦᠭᠡᠢ᠃  ᠭᠠᠳᠠᠭᠰᠢ  ᠭᠠᠷᠬᠤ   ᠪᠠᠨ  ᠴᠥᠭᠡᠳᠬᠡᠵᠦ᠂ᠣᠨᠴᠠᠭᠠᠶᠢᠯᠠᠨ ᠴᠡᠴᠡᠭ ᠤᠨ ᠲᠣᠭᠤᠰᠣ ᠶᠡᠬᠡᠲᠡᠢ ᠦᠶᠡᠰ᠂ ᠡᠭᠦᠳᠡ ᠴᠣᠩᠬᠤ ᠪᠠᠨ ᠪᠢᠲᠡᠭᠦᠮᠵᠢᠯᠡᠵᠦ᠂ ᠴᠢᠳᠠᠪᠠᠯ  ᠭᠡᠷ  ᠳᠣᠲᠣᠷ᠎ᠠ‌‍ᠪᠠᠨ ᠠᠭᠠᠷ ᠴᠡᠪᠡᠷᠰᠢᠭᠦᠯᠬᠦ ᠮᠠᠰᠢᠨ ᠢ ᠬᠡᠷᠡᠭᠯᠡᠬᠦ ᠬᠡᠷᠡᠭᠲᠡᠢ᠃                      ᠬᠤᠶᠠᠷ ᠲᠤ᠂ ᠭᠠᠳᠠᠭᠰᠢ ᠭᠠᠷᠪᠠᠯ ᠰᠡᠷᠭᠡᠶᠢᠯᠡᠯᠲᠡ ᠪᠠᠨ ᠰᠠᠶᠢᠨ ᠬᠢᠬᠦ ᠬᠡᠷᠡᠭᠲᠡᠢ᠃ ᠭᠠᠳᠠᠭᠰᠢ ᠭᠠᠷᠬᠤ ᠳᠠᠭᠠᠨ  ᠤᠷᠲᠤ‌ᠬᠠᠨᠴᠤᠢ ᠲᠠᠢ ᠬᠤᠪᠴᠠᠰᠤ ᠡᠮᠦᠰᠴᠦ᠂ ᠠᠮᠠᠪᠴᠢ᠂ ᠨᠢᠳᠦᠨ ᠰᠢᠯ ᠵᠡᠭᠦᠵᠦ᠂ ᠮᠠᠰᠢᠨ  ᠵᠢᠯᠣᠭᠤᠳᠬᠤ   ᠳᠠᠭᠠᠨ  ᠴᠣᠩᠬᠤ   ᠶᠢ  ᠨᠢ‌‍ᠴᠢᠩᠭ᠎ᠠ ᠬᠠᠭᠠᠬᠤ ᠬᠡᠷᠡᠭᠲᠡᠢ᠃ ᠭᠡᠷ ᠲᠡᠭᠡᠨ ᠬᠠᠷᠢᠭᠰᠠᠨ ᠤ ᠳᠠᠷᠠᠭ᠎ᠠ ᠭᠠᠳᠠᠷ ᠬᠤᠪᠴᠠᠰᠤ ᠪᠠᠨ ᠳᠠᠷᠤᠶᠢᠬᠠᠨ  ᠰᠣᠯᠢᠵᠤ᠂  ᠨᠢᠭᠤᠷ‌ᠵᠶ᠋ᠠᠨ ᠤᠬᠢᠶᠠᠵᠤ᠂ ᠠᠮᠠ ᠬᠠᠮᠠᠷ ᠢᠶᠠᠨ ᠵᠠᠶᠢᠯᠬᠤ ᠬᠡᠷᠡᠭᠲᠡᠢ᠃                      ᠭᠤᠷᠪᠠ ᠳᠤ᠂ ᠳᠠᠷᠬᠠᠯᠠᠭ᠎ᠠ ᠪᠠᠨ ᠰᠠᠶᠢᠵᠢᠷᠠᠭᠤᠯᠬᠤ ᠬᠡᠷᠡᠭᠲᠡᠢ᠃ ᠡᠭᠦᠨ ᠳᠤ  ᠰᠠᠶᠢᠨ  ᠤᠨᠲᠠᠵᠤ  ᠠᠮᠠᠷᠠᠨ᠂  ᠢᠳᠡᠭᠡᠨ‌ᠤᠮᠳᠠᠭᠠᠨ ᠢᠶᠠᠨ ᠵᠣᠬᠢᠴᠠᠭᠤᠯᠵᠤ᠂ ᠰᠢᠨ᠎ᠡ ᠰᠣᠷᠭᠤᠭ ᠨᠣᠭᠤᠭ᠎ᠠ ᠵᠢᠮᠢᠰ ᠢᠯᠡᠭᠦᠬᠡᠨ ᠢᠳᠡᠵᠦ᠂ ᠲᠣᠭᠲᠠᠭᠰᠠᠨ ᠬᠤᠭᠤᠴᠠᠭᠠᠨ  ᠳ᠋ᠣ᠋‌‍ᠪᠡᠶ᠎ᠡ ᠪᠠᠨ ᠪᠣᠯᠪᠠᠰᠤᠷᠠᠭᠤᠯᠬᠤ ᠬᠡᠷᠡᠭᠲᠡᠢ᠃                      ᠳᠥᠷᠪᠡ ᠳᠤ᠂ ᠬᠠᠷᠰᠢᠬᠤ ᠪᠠᠶᠢᠳᠠᠯ ᠬᠦᠨᠳᠦᠷᠡᠪᠡᠯ ᠳᠠᠷᠤᠶᠢᠬᠠᠨ ᠡᠮᠴᠢᠯᠡᠭᠦᠯᠬᠦ ᠬᠡᠷᠡᠭᠲᠡᠢ᠃  ᠠᠮᠠᠷᠬᠠᠨ  ᠬᠠᠷᠰᠢᠳᠠᠭ ᠪᠠ‌ᠠᠭᠰᠠᠭ᠎ᠠ ᠡᠪᠡᠳᠴᠢᠨ ᠲᠠᠢ ᠬᠥᠮᠥᠰ ᠬᠤᠪᠴᠠᠰᠤ ᠬᠤᠨᠠᠷ ᠢᠶᠠᠨ ᠲᠣᠬᠢᠷᠠᠭᠤᠯᠵᠤ᠂ ᠵᠢᠩᠭᠢᠨᠡᠵᠦ ᠳᠠᠭᠠᠷᠠᠭᠠᠳ ᠬᠢᠮᠤᠷᠠᠭ᠎ᠠ ᠲᠠᠭᠰᠢᠭᠤᠷ‌ᠣᠯᠬᠤ ᠠᠴᠠ ᠪᠣᠯᠭᠤᠮᠵᠢᠯᠠᠬᠤ ᠬᠡᠷᠡᠭᠲᠡᠢ᠃ ᠬᠠᠷᠰᠢᠬᠤ ᠪᠠᠶᠢᠳᠠᠯ ᠬᠦᠨᠳᠦᠷᠡᠪᠡᠯ ᠳᠠᠷᠤᠶᠢᠬᠠᠨ ᠡᠮᠴᠢᠯᠡᠭᠦᠯᠬᠦ ᠬᠡᠷᠡᠭᠲᠡᠢ᠃
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号