ᠲᠠᠶᠢᠯᠤᠮᠵᠢ᠄ ᠰᠥᠨᠢᠳ ᠪᠠᠷᠠᠭᠤᠨ ᠬᠤᠰᠢᠭᠤᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠲᠥᠯᠥᠪᠯᠡᠭᠡ
ᠨᠡᠶᠢᠲᠡᠯᠡᠭᠰᠡᠨ ᠴᠠᠭ᠄
2024/4/20
           ᠠᠵᠢᠯ ᠤᠨ ᠲᠥᠯᠥᠪᠯᠡᠭᠡ      ᠨᠢᠭᠡ᠂ ᠡᠮᠦᠨᠡᠬᠢ ᠦᠭᠡ      ᠤᠯᠤᠰ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠥᠨᠢᠳ ᠪᠠᠷᠠᠭᠤᠨ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠳᠥᠯᠭᠢᠨ ᠠᠬᠢᠭᠤᠯᠵᠤ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠤᠰᠠᠳᠠ᠂ ᠣᠨᠴᠠᠭᠠᠶᠢᠯᠠᠨ ᠲᠣᠰ ᠠᠵᠢᠯ ᠤᠨ ᠲᠥᠯᠥᠪᠯᠡᠭᠡ ᠶᠢ ᠲᠣᠭᠲᠠᠭᠠᠪᠠ᠃      ᠬᠤᠶᠠᠷ᠂ ᠶᠡᠷᠦᠩᠬᠡᠶ ᠬᠠᠷᠠᠯᠲᠠ      ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠳᠠᠮᠵᠢᠭᠤᠯᠤᠨ᠂ ᠰᠥᠨᠢᠳ ᠪᠠᠷᠠᠭᠤᠨ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠨ ᠨᠤᠲᠤᠭ ᠤᠨ ᠣᠨᠴᠠᠯᠢᠭ ᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠣᠶ ᠪᠣᠯᠭᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠠᠷᠠᠳ ᠣᠯᠠᠨ ᠳᠤ ᠨᠠᠩ ᠴᠢᠨᠠᠷ ᠰᠠᠶᠢᠲᠠᠶ᠂ ᠳᠥᠭᠦᠮ ᠳᠥᠲᠡ ᠮᠣᠩᠭᠤᠯ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠨ᠎ᠠ᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠬᠢᠭᠡᠳ ᠬᠠᠮᠢᠶᠠᠷᠤᠯᠲᠠ      ᠰᠥᠨᠢᠳ ᠪᠠᠷᠠᠭᠤᠨ ᠬᠤᠰᠢᠭᠤᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠭᠦᠳᠦᠨ ᠪᠠᠶᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠵᠢᠯᠣᠭᠤᠳᠴᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠪᠣᠳᠠᠲᠠᠢ ᠠᠵᠢᠯ ᠢ ᠬᠡᠷᠡᠭᠵᠢᠭᠦᠯᠬᠦ ᠶᠢ ᠬᠠᠷᠢᠭᠤᠴᠠᠨ᠎ᠠ᠃      ᠤᠳᠤᠷᠢᠳᠬᠤ ᠳᠤᠭᠤᠶᠢᠯᠠᠩ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠬᠢᠲᠠᠳ ᠡᠮ ᠡᠮᠨᠡᠯᠭᠡ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠣᠳᠠᠲᠠᠶ ᠠᠵᠢᠯ ᠤᠨ ᠬᠠᠷᠠᠯᠲᠠ ᠶᠢ ᠰᠤᠳᠤᠯᠤᠨ ᠪᠠᠶᠢᠷᠢᠯᠠᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠢᠲᠠᠳ ᠡᠮ ᠡᠮᠨᠡᠯᠭᠡ ᠶᠢᠨ ᠠᠵᠢᠯ ᠢ ᠬᠠᠮᠲᠤᠪᠠᠷ ᠲᠦᠯᠬᠢᠨ ᠠᠬᠢᠭᠤᠯᠬᠤ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃      ᠤᠳᠤᠷᠢᠳᠬᠤ ᠳᠤᠭᠤᠶᠢᠯᠠᠩ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠪᠠ ᠪᠤᠰᠤᠳ ᠭᠠᠵᠠᠷ ᠣᠷᠣᠨ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠨ ᠲᠣᠯᠢᠯᠠᠵᠤ᠂ ᠮᠠᠨ ᠤ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠲᠠᠰᠤᠷᠠᠯᠲᠠ ᠥᠬᠡᠶ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃      ᠳᠥᠷᠪᠡ᠂ ᠪᠣᠳᠠᠲᠠᠶ ᠠᠵᠢᠯ ᠤᠨ ᠡᠭᠦᠷᠭᠡ ᠵᠢᠴᠢ ᠠᠷᠭ᠎ᠠ ᠬᠡᠮᠵᠢᠶ᠎ᠡ      ︵ᠨᠢᠭᠡ︶ ᠬᠢᠳᠡᠳ ᠡᠮ ᠡᠮᠨᠡᠯᠭᠡ ᠶᠢ ᠴᠢᠩᠭᠠᠳᠬᠠᠨ᠎ᠠ︶ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ᠃      ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠢᠲᠠᠳ ︵ᠮᠣᠩᠭᠤᠯ︶ ᠡᠮ ᠡᠮᠨᠡᠯᠭᠡ ᠶᠢᠨ ᠳᠤᠮᠳᠠ᠂ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠵᠦ᠂ ᠴᠢᠳᠠᠪᠤᠷᠢᠲᠠᠨ ᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃      ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠠ ᠬᠡᠷᠡᠭᠵᠢᠭᠦᠯᠬᠦ ᠶᠢ ᠳᠡᠮᠵᠢᠵᠦ ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠠᠬᠢᠭᠤᠯᠤᠨ᠎ᠠ᠃      ︵ᠬᠤᠶᠡᠷ︶ ᠬᠢᠳᠡᠳ ᠡᠮ ᠡᠮᠨᠡᠯᠬᠡ ︵ᠮᠣᠩᠭᠤᠯ ᠡᠮ ᠡᠮᠨᠡᠯᠭᠡ ᠶᠢ ᠰᠢᠯᠢᠳᠡᠭᠵᠢᠬᠦᠯᠦᠨ᠎ᠡ︶ ᠦᠢᠯᠡᠴᠢᠯᠡᠭᠡᠨ ᠤ ᠴᠤᠪᠤᠷᠠᠯ ᠬᠢᠭᠡᠳ ᠶᠠᠰᠤ ᠴᠢᠨᠠᠷ᠃      ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠵᠢᠷᠤᠮᠵᠢᠯ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠣᠰᠢᠯᠠᠨ ᠡᠮᠨᠡᠬᠦ ᠶᠢᠨ ᠵᠢᠷᠤᠮᠵᠢᠭᠤᠯᠤᠯᠲᠠ ᠶᠢ ᠬᠡᠷᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠣᠰᠢᠯᠠᠨ ᠡᠮᠨᠡᠬᠦ ᠶᠠᠰᠤ ᠴᠢᠨᠠᠷ ᠢ ᠡᠵᠡᠮᠳᠡᠬᠦ ᠰᠢᠰᠲ᠋ᠧᠮᠵᠢ ᠶᠢ ᠪᠠᠶᠢᠭᠤᠯᠤᠨ᠎ᠠ᠃      ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠯᠭᠡ ᠶᠢᠨ ᠤᠬᠠᠭᠤᠯᠭ᠎ᠠ ᠬᠢᠭᠡᠳ ᠲᠦᠭᠡᠮᠡᠯᠵᠢᠯᠲᠡ ᠶᠢ ᠴᠢᠩᠭᠠᠳᠬᠠᠵᠤ᠂ ᠠᠷᠠᠳ ᠣᠯᠠᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠤᠬᠠᠶ ᠲᠠᠨᠢᠯᠲᠠ ᠶᠢᠨ ᠬᠡᠮᠵᠢᠶ᠎ᠡ ᠪᠣᠯᠤᠨ ᠢᠲᠡᠭᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃      ︵ᠭᠤᠷᠪᠡ︶ ᠬᠢᠳᠡᠳ ᠡᠮ ᠡᠮᠨᠡᠯᠬᠡ ︵ᠮᠣᠩᠭᠤᠯ ᠡᠮ ᠡᠮᠨᠡᠯᠭᠡ ᠶᠢ ᠠᠬᠢᠭᠤᠯᠥᠨ᠎ᠠ︶ ᠠᠵᠤ ᠦᠢᠯᠡᠰ ᠤᠨ ᠬᠦᠭᠵᠢᠯᠲᠡ      ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ ᠦᠢᠯᠡᠰ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ ᠦᠢᠯᠡᠰ ᠬᠢᠭᠡᠳ ᠵᠢᠭᠤᠯᠴᠢᠯᠠᠯ᠂ ᠰᠣᠶᠣᠯ ᠵᠡᠷᠭᠡ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃      ᠬᠢᠲᠠᠳ ᠡᠮ ᠤᠨ ᠮᠠᠲ᠋ᠧᠷᠢᠶᠠᠯ ᠲᠠᠷᠢᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠬᠢᠲᠠᠳ ᠡᠮ ᠤᠨ ᠮᠠᠲ᠋ᠧᠷᠢᠶᠠᠯ ᠢ ᠵᠢᠷᠤᠮᠵᠢᠭᠤᠯᠤᠨ ᠬᠡᠪᠴᠢᠶᠡᠵᠢᠭᠦᠯᠦᠨ ᠲᠠᠷᠢᠬᠤ ᠶᠢ ᠠᠬᠢᠭᠤᠯᠤᠨ᠎ᠠ᠃      ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠳᠬᠦᠨ ᠢ ᠰᠤᠳᠤᠯᠤᠨ ᠨᠡᠭᠡᠭᠡᠬᠦ ᠪᠠ ᠵᠠᠬ᠎ᠠ ᠳᠡᠯᠭᠡᠭᠦᠷ ᠲᠤ ᠳᠡᠯᠭᠡᠷᠡᠭᠦᠯᠬᠦ ᠶᠢ ᠴᠢᠩᠭᠠᠳᠬᠠᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠳᠬᠦᠨ ᠤ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃      ︵ᠳᠥᠷᠪᠡ︶ ᠮᠣᠩᠭᠤᠯ ᠡᠮ ᠡᠮᠨᠡᠯᠭᠡ ︵ᠮᠣᠩᠭᠤᠯ ᠡᠮ ᠡᠮᠨᠡᠯᠭᠡ ᠶᠢ ᠴᠢᠩᠭᠠᠳᠬᠠᠨ᠎ᠠ︶ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ᠃      ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠶᠢ ᠠᠬᠢᠭᠤᠯᠤᠨ᠎ᠠ᠃      ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠨ ᠵᠠᠯᠭᠠᠮᠵᠢᠯᠠᠭᠴᠢ ᠶᠢ ᠬᠥᠮᠦᠵᠢᠭᠦᠯᠦᠨ᠎ᠡ᠃      ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠬᠢᠭᠡᠳ ᠵᠢᠭᠤᠯᠴᠢᠯᠠᠯ᠂ ᠰᠤᠷᠭᠠᠨ ᠬᠥᠮᠦᠵᠢᠯ ᠵᠡᠷᠭᠡ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃      ᠬᠢᠨᠠᠯᠲᠠ ᠲᠠᠯᠪᠢᠨ ᠰᠢᠯᠭᠠᠨ ᠬᠢᠨᠠᠬᠤ ᠶᠢ ᠴᠢᠩᠭᠠᠳᠬᠠᠵᠤ᠂ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠳᠤ ᠲᠠᠰᠤᠷᠠᠯᠲᠠ ᠤᠢᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃      ᠵᠢᠷᠭᠤᠭ᠎ᠠ᠂ ᠲᠡᠭᠦᠰᠬᠡᠯ ᠦᠭᠡ      ᠲᠣᠰ ᠠᠵᠢᠯ ᠤᠨ ᠲᠥᠯᠥᠪᠯᠡᠭᠡ ᠶᠢ ᠬᠡᠷᠡᠭᠵᠢᠭᠦᠯᠬᠦ ᠨᠢ ᠰᠥᠨᠢᠳ ᠪᠠᠷᠠᠭᠤᠨ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠬᠦᠴᠦᠲᠡᠶ ᠠᠬᠢᠭᠤᠯᠵᠤ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠬᠤ ᠪᠣᠯᠤᠨ᠎ᠠ᠃ ᠪᠢᠳᠡ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠲᠣᠬᠢᠶᠠᠯ ᠪᠣᠯᠭᠠᠨ᠂ ᠬᠥᠭᠵᠢᠯᠲᠡ ᠶᠢᠨ ᠰᠡᠳᠬᠢᠴᠡ ᠪᠣᠯᠤᠨ ᠠᠵᠢᠯᠯᠠᠬᠤ ᠠᠷᠭ᠎ᠠ ᠪᠠᠨ ᠲᠠᠰᠤᠷᠠᠯᠲᠠ ᠤᠢᠭᠡᠢ ᠰᠢᠨ᠎ᠡ ᠪᠠᠷ ᠡᠭᠦᠳᠴᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号