ᠮᠠᠨ ᠤ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠰᠢᠰᠲ᠋ᠧᠮ ᠤᠨ ᠬᠢᠨ ᠰᠤᠪᠢᠯᠠᠭᠴᠢᠳ ᠤᠨ ᠪᠠᠶᠠᠷ ᠢᠶᠠᠨ ᠤᠳᠬ᠎ᠠ ᠳᠡᠬᠦᠯᠳᠡᠷ ᠳᠡᠮᠳᠡᠭᠯᠡᠯ᠎ᠡ
ᠨᠡᠶᠢᠲᠡᠯᠡᠭᠰᠡᠨ ᠴᠠᠭ᠄
2024/5/14
     ᠳᠡᠯᠡᠬᠡᠶ ᠶᠢᠨ ᠰᠤᠪᠢᠯᠠᠭᠴᠢᠳ ᠤᠨ ᠪᠠᠶᠠᠷ ᠤᠨ ᠡᠳᠦᠷ ᠢ ᠳᠤᠬᠢᠶᠠᠯᠳᠤᠭᠤᠯᠤᠨ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ︽ᠰᠤᠪᠢᠯᠠᠭᠴᠢᠳ ᠤᠨ ᠡᠩᠨᠡᠭᠡ ᠶᠢ ᠬᠥᠭᠵᠢᠭᠦᠯᠵᠦ᠂ ᠰᠤᠪᠢᠯᠠᠯᠲᠠ ᠶᠢᠨ ᠦᠶᠯᠡᠴᠢᠯᠡᠭᠡ ᠶᠢ ᠰᠢᠯᠢᠳᠡᠭᠵᠢᠭᠦᠯᠬᠦ︾ ᠭᠤᠤᠯ ᠰᠡᠳᠦᠪ ᠢᠶᠠᠷ 113᠎ ᠳᠠᠬᠢ ᠳᠡᠯᠡᠭᠡᠢ ᠶᠢᠨ ᠰᠤᠪᠢᠯᠠᠭᠴᠢᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠡᠷᠬᠢᠯᠡᠵᠡᠢ᠃      ᠠᠵᠢᠯᠯᠠᠭᠠᠨ ᠤ ᠡᠬᠢᠨ ᠳᠤ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠶᠠᠩ ᠭᠦᠸᠧ ᠳ᠋ᠦᠩ ᠪᠥᠬᠦ ᠡᠮ ᠡᠮᠨᠡᠯᠭᠡ ᠶᠢᠨ ᠠᠵᠢᠯᠲᠠᠨ ᠎ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠣᠯᠠᠨ ᠢᠶᠠᠷ ᠢᠶᠠᠨ ᠨᠠᠶᠢᠲ᠋ᠢᠩᠭ᠍ᠸᠢᠢᠯ ᠤᠨ ᠵᠣᠷᠢᠭ ᠰᠠᠨᠠᠭ᠎ᠠ ᠎ ᠶᠢ ᠵᠠᠯᠭᠠᠮᠵᠢᠯᠠᠨ ᠪᠠᠳᠠᠷᠠᠭᠤᠯᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠣᠷᠭᠢᠯᠤᠮ᠎ᠠ ᠬᠠᠯᠠᠭᠤᠨ ᠰᠡᠳᠬᠢᠯᠭᠡ᠂ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠰᠤᠪᠢᠯᠠᠯᠲᠠ ᠶᠢᠨ ᠠᠵᠢᠯ ᠳᠤ ᠣᠷᠣᠯᠴᠠᠬᠤ ᠶᠢ ᠬᠦᠰᠡᠭᠰᠡᠨ ᠪᠠᠶᠢᠨ᠎ᠠ᠃      ᠦᠩᠭᠡᠳᠦ ᠭᠡᠷᠡᠯ ᠬᠦᠭᠵᠢᠮ ᠤᠨ ᠠᠶᠠᠰ ᠢᠶᠠᠷ ᠠᠨᠢᠪᠴᠢᠨ᠂ ᠰᠢᠨ᠎ᠡ ᠴᠠᠭ ᠤᠨ ᠡᠮᠴᠢ ᠠᠵᠢᠯᠳᠠᠳ ᠤᠨ ᠴᠤᠭ ᠵᠤᠯᠪᠤᠭ᠎ᠠ᠂ ᠤᠷ᠎ᠠ ᠠᠪᠢᠶᠠᠰ ᠢ ᠭᠠᠶᠢᠬᠠᠭᠤᠯᠤᠭᠰᠠᠨ ︽ᠰᠤᠪᠢᠯᠠᠭᠴᠢ ᠶᠢᠨ ᠹᠷᠣᠨᠲ ᠤᠨ ᠬᠤᠯᠪᠣᠭ᠎ᠠ︾ ᠭᠡᠬᠦ ᠳᠤᠭᠯᠠᠯᠳᠠ ᠦᠵᠡᠭᠴᠢᠳ ᠤᠯᠠᠨ ᠳᠤ ᠡᠮᠴᠢ ᠶᠢᠨ ᠠᠯᠳᠠᠷ ᠢᠶᠠᠷ ᠡᠩᠭᠡᠷ ᠢᠶᠠᠨ ᠮᠢᠯᠢᠶᠠᠯᠭᠠᠭᠰᠠᠨ ᠡᠩᠭᠡ ᠶᠢᠨ ᠴᠠᠭᠠᠨ ᠳᠠᠭᠳᠠᠭ᠎ᠠ ᠨᠠᠷ ᠢ ᠦᠭᠡᠷ᠎ᠡ ᠨᠢᠭᠡᠨ ᠦᠨᠴᠦᠭ ᠠᠴᠠ ᠬᠠᠷᠠᠭᠤᠯᠤᠨ᠂ ᠮᠤᠩᠭᠤᠯ ᠬᠤᠪᠴᠠᠰᠤ ᠵᠠᠰᠠᠯ ᠤᠨ ᠦᠵᠡᠬᠦᠯᠦᠯᠬᠡ᠂ ᠤᠶᠠᠩᠭ᠎ᠠ ᠳᠠᠭᠤᠤ ᠤᠷᠠᠨ ᠪᠦᠵᠢᠭ᠂ ᠱᠤᠭ ᠵᠦᠴᠦᠬᠡ ᠵᠡᠷᠭᠡ ᠪᠦᠬᠦᠶᠢᠯᠡ ᠳᠠᠯᠠᠪᠠᠢ ᠤᠷᠠᠨ ᠰᠠᠶᠢᠬᠠᠨ ᠤ ᠳᠤᠭᠯᠠᠯᠳᠠ ᠨᠢ ᠡᠮᠴᠢ ᠰᠤᠪᠢᠯᠠᠭᠴᠢ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠣᠳᠠᠲᠠᠶ ᠠᠵᠢᠯᠯᠠᠬᠤ ᠰᠢᠯᠢᠳᠡᠭ ᠬᠡᠪ ᠰᠤᠷᠲᠠᠯ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ ᠡᠮᠴᠢ ᠬᠥᠮᠦᠨ ᠤ ᠡᠨᠡᠷᠢᠩᠭᠦᠶ ᠰᠡᠳᠬᠢᠯ᠂ ᠦᠨᠡᠨᠴᠢ ᠰᠢᠳᠤᠷᠭᠤ ᠠᠵᠢᠯ ᠮᠡᠷᠭᠡᠵᠢᠯ ᠤᠨ ᠵᠣᠷᠢᠭ ᠰᠠᠨᠠᠭ᠎ᠠ ᠶᠢ ᠢᠯᠡᠷᠡᠭᠦᠯᠦᠨ᠂ ᠬᠤᠷᠠᠭᠰᠠᠨ ᠤᠯᠠᠨ ᠤ ᠠᠯᠠᠭ᠎ᠠ ᠳᠠᠰᠢᠯᠳᠠ ᠶᠢᠨ ᠳᠠᠭᠤᠨ ᠲᠢᠩᠭᠢᠮ ᠲᠦᠭᠦᠷᠡᠩ ᠨᠢᠵᠢᠭᠢᠨᠡᠵᠦ ᠪᠠᠶᠢᠯ᠎ᠠ᠃      ᠠᠵᠢᠯᠯᠠᠭ᠎ᠠ ᠳᠤ ᠪᠠᠰᠠ᠂ ᠬᠤᠰᠢᠭᠤ ᠡᠷᠡᠭᠦᠯ ᠬᠠᠮᠠᠭᠠᠯᠠᠯ ᠤᠨ ᠰᠢᠰᠲ᠋ᠧᠮ ᠤᠨ ᠲᠡᠷᠢᠭᠦᠨ ᠤ ᠠᠵᠢᠯᠳᠠᠳ ᠢ ᠬᠥᠬᠢᠭᠦᠯᠦᠨ ᠰᠠᠶᠢᠰᠢᠶᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号