︽ᠤᠯᠤᠰ ᠤᠨ ᠬᠡᠦᠬᠡᠳ︾ ᠰᠤᠷᠤᠭᠴᠢᠳ ᠲᠤ ᠬᠠᠶᠢᠷ᠎ᠠ ᠬᠠᠯᠠᠮᠵᠢ ᠪᠠᠨ ᠡᠷᠬᠦᠯ᠎ᠡ
ᠨᠡᠶᠢᠲᠡᠯᠡᠭᠰᠡᠨ ᠴᠠᠭ᠄
2024/5/14
     ᠠᠭᠤᠤ ᠨᠠᠮ ᠤᠨ ᠲᠦᠷᠦ ᠶᠢᠨ ᠪᠤᠳᠤᠯᠭ᠎ᠠ ᠶᠢᠨ ᠠᠴᠢ ᠭᠠᠪᠢᠶ᠎ᠠ᠂ ᠳᠠᠯ᠎ᠠ ᠨᠤᠳᠤᠭ ᠤᠨ ᠠᠷᠠᠳ ᠲᠦᠮᠡᠨ᠂ ᠡᠷᠬᠦᠵᠦ ᠦᠰᠬᠡᠭᠰᠡᠨ ᠠᠪᠤ ᠡᠵᠢ ᠶᠢᠨ ᠢᠶᠠᠨ ᠬᠠᠶᠢᠷ᠎ᠠ ᠡᠨᠡᠷᠢᠯ ᠤᠨ ᠪᠤᠶᠠᠨ ᠳᠤ ᠦᠳᠡᠯᠦᠬᠡ ᠪᠤᠭᠤᠷᠤᠯ ᠪᠤᠯᠳᠠᠯ᠎ᠠ ᠪᠠᠨ ᠦᠶ᠎ᠡ ᠤᠳᠤᠮ ᠢᠶᠠᠨ ᠵᠠᠯᠭᠠᠨ ᠵᠢᠷᠭᠠᠵᠤ ᠶᠠᠪᠤᠭ᠎ᠠ ︽ᠤᠯᠤᠰ ᠤᠨ ᠬᠡᠦᠬᠡᠳ︾ ᠤᠳ ᠮᠠᠨᠢ᠂ ᠡᠬᠡ ᠤᠷᠤᠨ ᠤ ᠢᠷᠡᠭᠡᠳᠦᠢ ᠪᠤᠯᠤᠭᠰᠠᠨ ᠭᠡᠦᠭᠡᠳ ᠪᠠᠭᠠᠴᠤᠳ ᠲᠤ ᠪᠠᠨ ᠬᠠᠶᠢᠷ᠎ᠠ ᠪᠠᠨ ᠡᠷᠭᠦᠵᠦ᠂ ᠦᠨᠳᠦᠰᠦᠳᠡᠨ ᠤ ᠡᠪ ᠨᠢᠬᠡᠳᠦᠯ  ᠤᠨ ᠰᠠᠶᠢᠨ ᠰᠠᠶᠢᠬᠠᠨ ᠢ ᠮᠡᠳᠡᠷᠡᠬᠦᠯᠬᠦ ᠶᠢᠨ ᠳᠤᠰᠠᠳᠠ᠂ ᠡᠬᠡᠴᠦᠦᠯ ᠤᠨ ᠪᠠᠶᠠᠷ ᠤᠨ ᠡᠳᠦᠷ ᠢ ᠳᠤᠬᠢᠶᠠᠯᠳᠤᠭᠤᠯᠤᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︿ᠤᠯᠤᠰ ᠤᠨ ᠬᠡᠦᠬᠡᠳ﹀ ᠤᠨ ᠬᠠᠶᠢᠷ᠎ᠠ ᠪᠠᠨ ᠡᠷᠭᠦᠬᠦ ᠨᠡᠶᠢᠭᠡᠮᠯᠢᠭ ᠠᠴᠠ ᠰᠤᠷᠤᠭᠴᠢ ᠲᠡᠳᠬᠦᠬᠦ ᠠᠵᠢᠯᠯᠠᠭ᠎ᠠ︾ ᠦᠷᠨᠢᠬᠦᠯᠵᠡᠢ᠃       ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠠᠶᠢᠨᠴᠣᠭᠲᠤ ᠠᠵᠢᠯᠯᠠᠭ᠎ᠠ ᠳᠤ ᠤᠷᠤᠯᠴᠠᠵᠤ ᠶᠠᠷᠢᠶ᠎ᠠ ᠬᠢᠵᠡᠢ᠃      ᠲᠡᠷᠡ ᠵᠢᠭᠠᠭᠰᠠᠨ ᠨᠢ᠂ ᠲᠣᠰ ᠤᠳᠠᠭᠠᠨ ᠤ ᠠᠵᠢᠯᠯᠠᠭ᠎ᠠ ᠪᠣᠯ ︽ᠤᠯᠤᠰ ᠤᠨ ᠬᠡᠦᠬᠡᠳ︾ ᠤᠨ ᠲᠠᠯ᠎ᠠ ᠨᠤᠲᠤᠭ ᠤᠨ ᠠᠭᠤᠤ ᠶᠡᠭᠡ ᠡᠭᠡᠴᠦᠦᠯ ᠤᠨ ᠠᠴᠢ ᠡᠨᠡᠷᠢᠯ ᠢ ᠬᠠᠷᠢᠭᠤᠯᠠᠨ᠂ ᠮᠦᠨ ᠡᠨᠡᠬᠦ ᠠᠭᠤᠤ ᠬᠠᠶᠢᠷ᠎ᠠ ᠶᠢ ᠤᠯᠠᠮᠵᠢᠯᠠᠬᠤ ᠶᠢᠨ ᠬᠠᠮᠳᠤ ᠡᠯ᠎ᠡ ᠦᠨᠳᠦᠰᠦᠲᠡᠨ ᠡᠯᠢᠬᠡᠨ ᠰᠠᠳᠤᠨ ᠰᠢᠭ᠋ ᠳᠤᠳᠤᠨᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠬᠡᠨ ᠠᠯᠢᠨ ᠠᠴᠠ ᠪᠠᠨ ᠰᠠᠯᠤᠰᠢ ᠦᠬᠡᠢ᠂ ᠬᠤᠪᠢ ᠵᠠᠶᠠᠭ᠎ᠠ ᠪᠠᠨ ᠬᠠᠮᠲᠤᠳᠬᠠᠨ ᠰᠡᠳᠬᠢᠯ ᠵᠢᠷᠦᠬᠡ ᠪᠠᠨ ᠬᠤᠯᠪᠣᠭᠰᠠᠨ ᠠᠮᠢᠳᠤᠯᠢᠭ ᠦᠶᠯᠡᠳᠦᠯᠭᠡ ᠮᠥᠨ᠃ ᠡᠨᠡᠬᠦ ᠠᠵᠢᠯᠯᠠᠭ᠎ᠠ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ ᠬᠡᠵᠡᠢ᠃      ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠮᠠᠨ ᠤ ᠬᠤᠰᠢᠭᠤ ᠪᠠ ᠰᠥᠨᠢᠳ ᠵᠡᠭᠦᠨ ᠬᠤᠰᠢᠭᠤᠨ ᠤ ︽ᠤᠯᠤᠰ ᠤᠨ ᠬᠡᠦᠬᠡᠳ︾᠂ ᠨᠢᠭᠡ ᠪᠦᠯᠦᠭ ᠰᠤᠷᠤᠭᠴᠢᠳ᠂ ᠭᠡᠷ ᠤᠨ ᠠᠬᠠᠮᠠᠳ ᠠᠵᠢᠯᠯᠠᠭ᠎ᠠ ᠳᠤ ᠣᠷᠣᠯᠴᠠᠪᠠ᠃      ᠠᠵᠢᠯᠯᠠᠭᠠᠨ ᠤ ᠲᠤᠬᠠᠶ ᠶᠢᠨ ᠲᠠᠯᠠᠪᠠᠶ ᠳᠤ᠂ ︽ᠤᠯᠤᠰ ᠤᠨ ᠬᠡᠦᠬᠡᠳ︾ ᠤᠨ ᠤᠷᠠᠨ ᠰᠠᠶᠢᠬᠠᠨ ᠤ ᠪᠦᠯᠬᠦᠮ ᠭᠤᠶᠢᠳᠠ ᠰᠠᠶᠢᠬᠠᠨ ᠲᠣᠭᠯᠠᠯᠲᠠ ᠪᠠᠷ ᠢᠶᠠᠨ ᠡᠬᠡ ᠤᠷᠤᠨ᠂ ᠡᠯᠢᠬᠡᠨ ᠲᠦᠮᠡᠨ ᠳᠤ ᠪᠠᠨ ᠬᠠᠶᠢᠷ᠎ᠠ ᠰᠡᠳᠬᠢᠯᠬᠡ ᠪᠠᠨ ᠢᠯᠡᠷᠭᠡᠶᠢᠯᠡᠨ᠂ ᠬᠤᠷᠠᠭᠰᠠᠨ ᠦᠵᠡᠭᠴᠢᠳ ᠢ ᠪᠠᠶᠠᠰᠬᠠᠨ᠂ ᠠᠵᠢᠯᠯᠠᠭ᠎ᠠ ᠶᠢ ᠤᠯᠠᠮ ᠦᠩᠭᠡᠵᠢᠬᠦᠯᠦᠯ᠎ᠡ᠃      ᠠᠵᠢᠯᠯᠠᠭᠠᠨ ᠤ ᠠᠬᠤᠶ ᠲᠠᠯᠠᠪᠠᠶ ᠳᠤ᠂ ︽ᠤᠯᠤᠰ ᠤᠨ ᠬᠡᠦᠬᠡᠳ︾ ᠤᠨ ᠬᠠᠶᠢᠷ᠎ᠠ ᠪᠠᠨ ᠡᠷᠬᠦᠬᠦ ᠨᠡᠶᠢᠭᠡᠮᠯᠢᠭ  ᠠᠴᠠ ᠶᠠᠳᠠᠭᠤ ᠬᠦᠴᠢᠷᠳᠡᠯᠲᠡᠶ 3 ᠰᠤᠷᠤᠭᠴᠢ ᠳᠤ ᠬᠠᠶᠢᠷ᠎ᠠ ᠶᠢᠨ ᠬᠠᠨᠳᠢᠪ ᠡᠷᠬᠦᠵᠦ᠂ ᠰᠤᠷᠤᠭᠴᠢᠳ ᠤᠨ ᠲᠥᠯᠥᠭᠡᠯᠡᠭᠴᠢ ᠪᠣᠯᠤᠨ ︽ᠤᠯᠤᠰ ᠤᠨ ᠬᠡᠦᠬᠡᠳ︾ ᠤᠨ ᠲᠥᠯᠥᠭᠡᠯᠡᠭᠴᠢ ᠲᠠᠰ ᠳᠠᠷᠠᠭᠠᠯᠠᠨ ᠶᠠᠷᠢᠶ᠎ᠠ ᠬᠢᠵᠦ᠂ ᠮᠠᠨ ᠤ ᠬᠤᠰᠢᠭᠤᠨ ᠤ ︽ᠤᠯᠤᠰ ᠤᠨ ᠬᠡᠦᠬᠡᠳ︾ ᠤᠨ ᠬᠠᠶᠢᠷ᠎ᠠ ᠪᠠᠨ ᠡᠷᠬᠦᠬᠦ ᠨᠡᠶᠢᠭᠡᠮᠯᠢᠭ ᠠᠴᠠ ᠰᠥᠨᠢᠳ ᠵᠡᠭᠦᠨ ᠬᠤᠰᠢᠭᠤᠨ ᠤ ︽ᠤᠯᠤᠰ ᠤᠨ ᠬᠡᠦᠬᠡᠳ︾ ᠤᠨ ᠬᠠᠶᠢᠷ᠎ᠠ ᠬᠠᠯᠠᠮᠵᠢ ᠶᠢᠨ ᠨᠡᠶᠢᠭᠡᠮᠯᠢᠭ ᠲᠤ ᠬᠡᠮᠡᠷᠯᠢᠭ ᠲᠤᠭ ᠬᠦᠷᠭᠡᠵᠦ᠂ ︽ᠪᠠᠶᠠᠯᠢᠭ ᠰᠠᠶᠢᠬᠠᠨ ᠪᠠᠷᠠᠭᠤᠨ ᠰᠦᠨᠢᠳ︾ ᠭᠡᠬᠦ ᠨᠠᠶᠢᠷᠠᠯ ᠳᠠᠭᠤᠨ ᠤ ᠡᠬᠡᠰᠢᠭ ᠢᠶᠠᠷ ᠠᠵᠢᠯᠯᠠᠭ᠎ᠠ ᠶᠢ ᠦᠨᠳᠦᠷᠯᠡᠬᠦᠯᠦᠯ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号