ᠮᠠᠨ ᠤ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠰᠢᠰᠲ᠋ᠧᠮ ᠤᠨ ᠬᠢᠨ ᠰᠤᠪᠢᠯᠠᠭᠴᠢᠳ ᠤᠨ ᠪᠠᠶᠠᠷ ᠢᠶᠠᠨ ᠤᠳᠬ᠎ᠠ ᠳᠡᠬᠦᠯᠳᠡᠷ ᠳᠡᠮᠳᠡᠭᠯᠡᠯ᠎ᠡ
ᠨᠡᠶᠢᠲᠡᠯᠡᠭᠰᠡᠨ ᠴᠠᠭ᠄
2024/5/14
     ᠳᠡᠯᠡᠬᠡᠶ ᠶᠢᠨ ᠰᠤᠪᠢᠯᠠᠭᠴᠢᠳ ᠤᠨ ᠪᠠᠶᠠᠷ ᠤᠨ ᠡᠳᠦᠷ ᠢ ᠳᠤᠬᠢᠶᠠᠯᠳᠤᠭᠤᠯᠤᠨ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ︽ᠰᠤᠪᠢᠯᠠᠭᠴᠢᠳ ᠤᠨ ᠡᠩᠨᠡᠭᠡ ᠶᠢ ᠬᠥᠭᠵᠢᠭᠦᠯᠵᠦ᠂ ᠰᠤᠪᠢᠯᠠᠯᠲᠠ ᠶᠢᠨ ᠦᠶᠯᠡᠴᠢᠯᠡᠭᠡ ᠶᠢ ᠰᠢᠯᠢᠳᠡᠭᠵᠢᠭᠦᠯᠬᠦ︾ ᠭᠤᠤᠯ ᠰᠡᠳᠦᠪ ᠢᠶᠠᠷ 113 ᠳᠠᠬᠢ ᠳᠡᠯᠡᠭᠡᠢ ᠶᠢᠨ ᠰᠤᠪᠢᠯᠠᠭᠴᠢᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠡᠷᠬᠢᠯᠡᠵᠡᠢ᠃      ᠠᠵᠢᠯᠯᠠᠭᠠᠨ ᠤ ᠡᠬᠢᠨ ᠳᠤ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠶᠠᠩ ᠭᠦᠸᠧ ᠳ᠋ᠦᠩ ᠪᠥᠬᠦ ᠡᠮ ᠡᠮᠨᠡᠯᠭᠡ ᠶᠢᠨ ᠠᠵᠢᠯᠲᠠᠨ  ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠣᠯᠠᠨ ᠢᠶᠠᠷ ᠢᠶᠠᠨ ᠨᠠᠶᠢᠲ᠋ᠢᠩᠭ᠍ᠸᠢᠢᠯ ᠤᠨ ᠵᠣᠷᠢᠭ ᠰᠠᠨᠠᠭ᠎ᠠ  ᠶᠢ ᠵᠠᠯᠭᠠᠮᠵᠢᠯᠠᠨ ᠪᠠᠳᠠᠷᠠᠭᠤᠯᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠣᠷᠭᠢᠯᠤᠮ᠎ᠠ ᠬᠠᠯᠠᠭᠤᠨ ᠰᠡᠳᠬᠢᠯᠭᠡ᠂ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠰᠤᠪᠢᠯᠠᠯᠲᠠ ᠶᠢᠨ ᠠᠵᠢᠯ ᠳᠤ ᠣᠷᠣᠯᠴᠠᠬᠤ ᠶᠢ ᠬᠦᠰᠡᠭᠰᠡᠨ ᠪᠠᠶᠢᠨ᠎ᠠ᠃      ᠦᠩᠭᠡᠳᠦ ᠭᠡᠷᠡᠯ ᠬᠦᠭᠵᠢᠮ ᠤᠨ ᠠᠶᠠᠰ ᠢᠶᠠᠷ ᠠᠨᠢᠪᠴᠢᠨ᠂ ᠰᠢᠨ᠎ᠡ ᠴᠠᠭ ᠤᠨ ᠡᠮᠴᠢ ᠠᠵᠢᠯᠳᠠᠳ ᠤᠨ ᠴᠤᠭ ᠵᠤᠯᠪᠤᠭ᠎ᠠ᠂ ᠤᠷ᠎ᠠ ᠠᠪᠢᠶᠠᠰ ᠢ ᠭᠠᠶᠢᠬᠠᠭᠤᠯᠤᠭᠰᠠᠨ ︽ᠰᠤᠪᠢᠯᠠᠭᠴᠢ ᠶᠢᠨ ᠹᠷᠣᠨᠲ ᠤᠨ ᠬᠤᠯᠪᠣᠭ᠎ᠠ︾ ᠭᠡᠬᠦ ᠳᠤᠭᠯᠠᠯᠳᠠ ᠦᠵᠡᠭᠴᠢᠳ ᠤᠯᠠᠨ ᠳᠤ ᠡᠮᠴᠢ ᠶᠢᠨ ᠠᠯᠳᠠᠷ ᠢᠶᠠᠷ ᠡᠩᠭᠡᠷ ᠢᠶᠠᠨ ᠮᠢᠯᠢᠶᠠᠯᠭᠠᠭᠰᠠᠨ ᠡᠩᠭᠡ ᠶᠢᠨ ᠴᠠᠭᠠᠨ ᠳᠠᠭᠳᠠᠭ᠎ᠠ ᠨᠠᠷ ᠢ ᠦᠭᠡᠷ᠎ᠡ ᠨᠢᠭᠡᠨ ᠦᠨᠴᠦᠭ ᠠᠴᠠ ᠬᠠᠷᠠᠭᠤᠯᠤᠨ᠂ ᠮᠤᠩᠭᠤᠯ ᠬᠤᠪᠴᠠᠰᠤ ᠵᠠᠰᠠᠯ ᠤᠨ ᠦᠵᠡᠬᠦᠯᠦᠯᠬᠡ᠂ ᠤᠶᠠᠩᠭ᠎ᠠ ᠳᠠᠭᠤᠤ ᠤᠷᠠᠨ ᠪᠦᠵᠢᠭ᠂ ᠱᠤᠭ ᠵᠦᠴᠦᠬᠡ ᠵᠡᠷᠭᠡ ᠪᠦᠬᠦᠶᠢᠯᠡ ᠳᠠᠯᠠᠪᠠᠢ ᠤᠷᠠᠨ ᠰᠠᠶᠢᠬᠠᠨ ᠤ ᠳᠤᠭᠯᠠᠯᠳᠠ ᠨᠢ ᠡᠮᠴᠢ ᠰᠤᠪᠢᠯᠠᠭᠴᠢ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠣᠳᠠᠲᠠᠶ ᠠᠵᠢᠯᠯᠠᠬᠤ ᠰᠢᠯᠢᠳᠡᠭ ᠬᠡᠪ ᠰᠤᠷᠲᠠᠯ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ ᠡᠮᠴᠢ ᠬᠥᠮᠦᠨ ᠤ ᠡᠨᠡᠷᠢᠩᠭᠦᠶ ᠰᠡᠳᠬᠢᠯ᠂ ᠦᠨᠡᠨᠴᠢ ᠰᠢᠳᠤᠷᠭᠤ ᠠᠵᠢᠯ ᠮᠡᠷᠭᠡᠵᠢᠯ ᠤᠨ ᠵᠣᠷᠢᠭ ᠰᠠᠨᠠᠭ᠎ᠠ ᠶᠢ ᠢᠯᠡᠷᠡᠭᠦᠯᠦᠨ᠂ ᠬᠤᠷᠠᠭᠰᠠᠨ ᠤᠯᠠᠨ ᠤ ᠠᠯᠠᠭ᠎ᠠ ᠳᠠᠰᠢᠯᠳᠠ ᠶᠢᠨ ᠳᠠᠭᠤᠨ ᠲᠢᠩᠭᠢᠮ ᠲᠦᠭᠦᠷᠡᠩ ᠨᠢᠵᠢᠭᠢᠨᠡᠵᠦ ᠪᠠᠶᠢᠯ᠎ᠠ᠃      ᠠᠵᠢᠯᠯᠠᠭ᠎ᠠ ᠳᠤ ᠪᠠᠰᠠ᠂ ᠬᠤᠰᠢᠭᠤ ᠡᠷᠡᠭᠦᠯ ᠬᠠᠮᠠᠭᠠᠯᠠᠯ ᠤᠨ ᠰᠢᠰᠲ᠋ᠧᠮ ᠤᠨ ᠲᠡᠷᠢᠭᠦᠨ ᠤ ᠠᠵᠢᠯᠳᠠᠳ ᠢ ᠬᠥᠬᠢᠭᠦᠯᠦᠨ ᠰᠠᠶᠢᠰᠢᠶᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号