ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠮᠢᠩ ᠸᠠᠩ ᠮᠠᠨ ᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/5/14
     5 ᠰᠠᠷ᠎ᠠ ᠶᠢᠨ 14 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠮᠢᠩ ᠸᠠᠩ ᠨᠠᠷ ᠮᠠᠨ ᠤ ᠬᠤᠰᠢᠭᠤᠨ ᠳᠤ ᠭᠦᠨᠵᠡᠭᠡᠶᠢᠷᠡᠨ ︽ᠮᠣᠩᠭᠤᠯ ᠡᠮ ᠡᠮᠨᠡᠯᠭᠡ ᠶᠢᠨ ᠤᠯᠠᠮᠵᠢᠯᠠᠯ ᠪᠠ ᠰᠢᠨᠡᠴᠢᠯᠡᠯ ᠢ ᠴᠢᠩᠭᠠᠳᠬᠠᠵᠦ᠂ ᠮᠣᠩᠭᠤᠯ ᠡᠮ ᠡᠮᠨᠡᠯᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ︾ ᠲᠣᠭᠤᠷᠢᠨ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃      ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠨᠠᠰᠤᠲᠦ᠂ ᠬᠤᠰᠢᠭᠤ ᠳᠡᠳ᠋ ᠳᠠᠷᠤᠭ᠎ᠠ ᠶᠠᠩ ᠵᠠᠨ ᠴᠢᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠨᠠᠷᠠᠰᠤ ᠬᠠᠮᠲᠤ ᠪᠠᠶᠢᠴᠠᠭᠠᠨ ᠰᠤᠳᠤᠯᠪᠠ᠃ᠪᠠᠶᠢᠴᠠᠭᠠᠨ ᠰᠤᠳᠤᠯᠬᠤ ᠳᠤᠭᠤᠶᠢᠯᠠᠩ ᠰᠠᠷᠠᠨᠰᠦ᠋ᠬᠡ ᠮᠣᠩᠭᠤᠯ ᠡᠭᠦᠳᠡᠨ ᠡᠮᠨᠡᠯᠭᠡ᠂ ᠡᠷᠡᠬᠦᠯ ᠮᠤᠩᠭᠤᠯ ᠡᠭᠦᠳᠡᠨ ᠡᠮᠨᠡᠯᠭᠡ᠂ ᠬᠤᠰᠢᠭᠤ ᠮᠣᠩᠭᠤᠯ ᠡᠮᠨᠡᠯᠭᠡ ᠶᠢᠨ ᠬᠤᠷᠢᠶᠠᠨ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠰᠣᠨᠣᠰᠬᠤ᠂ ᠲᠤᠬᠠᠢ ᠶᠢᠨ ᠲᠠᠯᠠᠪᠤᠷ ᠲᠤ ᠰᠠᠨᠠᠯ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠮᠣᠩᠭᠤᠯ ᠡᠮ ᠡᠮᠨᠡᠯᠭᠡ ᠤᠨ ᠤᠯᠠᠮᠵᠢᠯᠠᠯ ᠪᠠ ᠰᠢᠨᠡᠴᠢᠯᠡᠯ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ᠂ ᠡᠮᠴᠢ ᠶᠢᠨ ᠡᠩᠨᠡᠭᠡ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠰᠠᠭᠤᠳᠠᠯ ᠤᠨ ᠬᠤᠷᠠᠯ ᠳᠡᠭᠡᠷ᠎ᠡ᠂ ᠸᠠᠩ ᠮᠢᠩ ᠸᠠᠩ ᠮᠠᠨ ᠤ ᠬᠤᠰᠢᠭᠤᠨ ᠤ ᠬᠢᠳᠠᠳ ︵ᠮᠣᠩᠭᠤᠯ︶ ᠡᠮ ᠡᠮᠨᠡᠯᠭᠡ ᠶᠢᠨ ᠤᠯᠠᠮᠵᠢᠯᠠᠯ ᠪᠠ ᠰᠢᠨᠡᠴᠢᠯᠡᠯ ᠤᠨ ᠠᠵᠢᠯ ᠤᠨ ᠪᠠᠶᠢᠳᠠᠯ ᠢ ᠰᠣᠨᠣᠰᠤᠭᠰᠠᠨ ᠤ ᠳᠠᠷᠠᠭ᠎ᠠ ᠭᠦᠢᠴᠡᠳ ᠨᠤᠳᠠᠯᠠᠯᠳᠠ ᠬᠢᠪᠡ᠃ ᠲᠡᠷᠡ ᠢᠯᠡᠷᠬᠡᠶᠢᠯᠡᠬᠦ ᠳᠡᠭᠡᠨ᠂ ᠮᠣᠩᠭᠤᠯ ᠡᠮ ᠡᠮᠨᠡᠯᠭᠡ ᠶᠢᠨ ᠤᠶᠢᠯᠡᠰ ᠨᠢ ᠭᠦᠨ ᠵᠤᠵᠠᠭᠠᠨ ᠰᠣᠶᠣᠯ ᠤᠨ ᠠᠭᠤᠯᠬᠤᠨ ᠲᠠᠢ ᠪᠦᠭᠡᠳ ᠪᠦᠷᠢᠨ ᠲᠡᠭᠦᠯᠳᠡᠷ ᠣᠨᠣᠯ ᠤᠨ ᠰᠢᠰᠲ᠋ᠧᠮ᠂ ᠥᠪᠡᠷᠮᠢᠴᠡ ᠣᠨᠴᠠᠯᠢᠭ ᠪᠦᠬᠦᠢ ᠣᠨᠣᠰᠢᠯᠠᠨ ᠡᠮᠨᠡᠬᠦ ᠠᠷᠭ᠎ᠠ᠂ ᠥᠪᠡᠷᠮᠢᠴᠡ ᠰᠣᠩᠭᠤᠳᠠᠭ ᠵᠣᠷ ᠲᠠᠢ ᠪᠠᠶᠢᠵᠤ᠂ ᠬᠢᠲᠠᠳ ᠡᠮ ᠡᠮᠨᠡᠯᠭᠡ ᠶᠢᠨ ᠤᠬᠠᠭᠠᠨ ᠤ ᠡᠷᠳᠡᠨᠢ ᠶᠢᠨ ᠬᠥᠮᠥᠷᠭᠡ ᠳᠠᠬᠢ ᠨᠢᠭᠡᠨ ᠭᠡᠷᠡᠯᠲᠦ ᠰᠤᠪᠤᠳ ᠪᠤᠯᠬᠤ ᠮᠦᠷᠳᠡᠭᠡᠨ ᠮᠣᠩᠭᠤᠯ ᠡᠮ ᠡᠮᠨᠡᠯᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃      ᠲᠡᠷᠡ ᠴᠢᠬᠤᠯᠠᠴᠢᠯᠠᠭᠰᠠᠨ ᠨᠢ᠂ ᠮᠣᠩᠭᠤᠯ ᠡᠮ ᠡᠮᠨᠡᠯᠭᠡ ᠶᠢᠨ ᠰᠣᠶᠣᠯ ᠢ ᠶᠡᠬᠡᠪᠡᠷ ᠪᠠᠳᠠᠷᠠᠭᠤᠯᠤᠨ᠂ ᠲᠡᠷᠢᠭᠦᠨ ᠤ ᠲᠤᠷᠰᠢᠯᠭ᠎ᠠ ᠶᠢ ᠢᠳᠡᠪᠬᠢᠲᠡᠢ ᠪᠠᠷ ᠰᠤᠷᠤᠯᠴᠠᠵᠦ᠂ ᠦᠨᠳᠦᠰᠦᠨ ᠱᠠᠲᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠮᠣᠩᠭᠤᠯ ᠡᠮ ᠡᠮᠨᠡᠯᠭᠡ ᠶᠢᠨ ᠡᠩᠨᠡᠭᠡᠨ ᠤ ᠦᠷᠭᠦᠯᠵᠢᠯᠡᠨ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ ᠨᠡᠷᠡᠲᠦ ᠡᠮᠴᠢ ᠶᠢᠨ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠦᠢᠯᠡᠳᠦᠯ ᠢ ᠭᠦᠢᠴᠡᠳ ᠪᠠᠳᠠᠷᠠᠭᠤᠯᠤᠨ᠂ ᠮᠣᠩᠭᠤᠯ ᠡᠮ ᠡᠮᠨᠡᠯᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠲᠣᠭᠠᠴᠢᠯᠠᠭᠰᠠᠨ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠵᠦᠢ ᠵᠣᠬᠢᠰᠲᠠᠢ ᠲᠣᠬᠢᠷᠠᠭᠤᠯᠤᠨ᠂ ᠡᠮᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮᠴᠢᠯᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠣᠯᠠᠨ ᠲᠦᠮᠡᠨ ᠳᠤ ᠨᠡᠩ ᠳᠥᠭᠦᠮ ᠳᠥᠲᠡ ᠴᠢᠨᠠᠷᠯᠢᠭ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠬᠦᠷᠲᠡᠭᠡᠬᠦ ᠬᠡᠷᠡᠭᠲᠡᠢ᠃      ᠨᠠᠰᠤᠲᠤ ᠢᠯᠡᠷᠭᠡᠶᠢᠯᠡᠭᠰᠡᠨ ᠨᠢ᠂ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠠᠮᠵᠢᠵᠦ᠂ ᠴᠢᠳᠠᠪᠤᠷᠢᠲᠠᠨ ᠢ ᠬᠥᠮᠦᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠨ᠂ ᠣᠷᠣᠨ ᠪᠦᠰᠡ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠰᠢᠨᠡᠴᠢᠯᠡᠯᠳᠡ ᠶᠢ ᠪᠠᠷᠢᠮᠲᠠᠯᠠᠨ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠮᠣᠩᠭᠤᠯ ᠡᠮ ᠡᠮᠨᠡᠯᠭᠡ ᠶᠢᠨ ᠡᠮᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠮᠣᠩᠭᠤᠯ ᠡᠮ ᠡᠮᠨᠡᠯᠭᠡ ᠶᠢᠨ ᠦᠢᠯᠡᠰ ᠢ ᠤᠯᠠᠮᠵᠢᠯᠠᠨ ᠰᠢᠨᠡᠴᠢᠯᠡᠬᠦ ᠳᠤ ᠰᠢᠨ᠎ᠡ ᠪᠠᠶᠢᠳᠠᠯ ᠢ ᠡᠭᠦᠳᠴᠦ᠂ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠠᠰᠢᠭᠲᠠᠢ ᠨᠥᠬᠦᠴᠡᠯ ᠢ ᠳᠦᠰᠢᠭᠯᠡᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠬᠦᠯᠦᠨ᠂ ᠴᠢᠨᠠᠷᠯᠢᠭ ᠡᠮᠴᠢᠯᠡᠭᠡᠨ ᠤ ᠡᠬᠢ ᠪᠠᠶᠠᠯᠢᠭ ᠢ ᠮᠣᠩᠭᠤᠯ ᠡᠮ ᠡᠮᠨᠡᠯᠭᠡ ᠶᠢᠨ ᠣᠨᠴᠠᠯᠢᠭ ᠲᠠᠢ ᠤᠶᠠᠯᠳᠤᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠬᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠬᠦᠯᠦᠨ᠂ ᠡᠮᠨᠡᠯᠭᠡ ᠶᠢᠨ ᠬᠤᠷᠢᠶᠠᠨ ᠤ ᠴᠢᠨᠠᠷᠯᠢᠭ ᠬᠥᠭᠵᠢᠯᠲᠡ ᠶᠢ ᠠᠬᠢᠭᠤᠯᠵᠤ᠂ ᠠᠷᠠᠳ ᠢᠷᠭᠡᠳ ᠤᠨ ᠡᠪᠡᠳᠴᠢᠨ ᠡᠮᠬᠡᠭ  ᠢᠶᠠᠨ ᠦᠵᠡᠬᠦᠯᠬᠦ ᠳᠤ ᠲᠦᠬᠦᠮ ᠨᠥᠬᠦᠴᠡᠯ ᠬᠠᠩᠭᠠᠨ᠎ᠠ ᠭᠡᠪᠡ᠃      ᠬᠤᠷᠠᠯ ᠳᠤ᠂ ᠬᠤᠶᠠᠷ ᠲᠠᠯ᠎ᠠ ᠪᠠᠷ ᠢᠶᠠᠨ ᠪᠠᠰᠠ ᠣᠳᠣᠬᠠᠨ ᠤ ᠮᠠᠨ ᠤ ᠬᠤᠰᠢᠭᠤᠨ ᠤ ᠮᠣᠩᠭᠤᠯ ᠡᠮ ᠡᠮᠨᠡᠯᠭᠡ ᠶᠢᠨ ᠦᠢᠯᠡᠰ ᠲᠤ ᠣᠷᠣᠰᠢᠵᠤ ᠪᠠᠶᠢᠭ᠎ᠠ ᠬᠦᠴᠢᠷᠳᠡᠯ᠂ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号