ᠮᠥᠷᠡᠨ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/5/16
ᠰᠤᠷᠪᠤᠯᠵᠢᠯᠠᠭᠴᠢ᠄ ᠰᠤᠷᠤᠶ᠎ᠠ  ᠪᠠᠶᠠᠷᠲᠦᠤᠳᠤᠷᠢᠳᠬᠠᠯ᠄ 5 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠮᠥᠷᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠳᠠᠶᠢᠴᠢᠯᠠᠨ ᠵᠢᠷᠦᠬᠡ ᠵᠡᠰ ᠤᠨ ᠦᠢᠯᠡᠰ᠂ ᠬᠤᠸᠠ ᠰᠢᠩ ᠠᠵᠤ ᠦᠢᠯᠡᠰ᠂ ᠰᠢᠨ ᠮᠧᠩ ᠰᠢᠨ ᠮᠠᠲ᠋ᠧᠷᠢᠶᠠᠯ ᠵᠡᠷᠭᠡ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ᠲᠠᠶᠢᠯᠪᠤᠷᠢ᠄ ᠮᠥᠷᠡᠨ ᠠᠵᠢᠯ ᠤᠨ ᠠᠬᠤᠢ ᠲᠠᠯᠠᠪᠠᠢ ᠳᠤ ᠬᠦᠷᠴᠦ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠤᠨ ᠬᠥᠭᠵᠢᠯᠲᠡ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠠᠵᠢᠯ ᠢ ᠨᠠᠷᠢᠨ ᠣᠶᠢᠯᠠᠭᠠᠵᠤ᠂ ᠡᠯ᠎ᠡ ᠠᠵᠤ ᠠᠬᠤᠶᠢᠯᠠᠯ ᠤᠨ ᠪᠦᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤᠮᠳᠠᠬᠢ ᠲᠣᠪᠤᠶᠢᠮ᠎ᠠ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳᠠᠬᠢᠨ ᠱᠠᠯᠠᠪᠳᠠᠭᠤᠯᠤᠨ ᠴᠢᠬᠤᠯᠠᠴᠢᠯᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠨ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠵᠢᠯ ᠲᠥᠷᠥᠯ ᠤᠨ ᠳᠠᠪᠠᠭᠤᠯᠢᠭ ᠢᠶᠠᠨ ᠪᠠᠳᠠᠷᠠᠭᠤᠯᠤᠨ᠂ ᠲᠣᠬᠢᠶᠠᠯ ᠢ ᠠᠮᠵᠢᠵᠤ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠵᠣᠷᠢᠭᠵᠢᠭᠤᠯᠪᠠ᠃ᠮᠥᠷᠡᠨ ᠬᠡᠯᠡᠬᠦ ᠳᠡᠭᠡᠨ᠂ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠲᠣᠬᠢᠶᠠᠯ ᠢ ᠡᠵᠡᠮᠳᠡᠨ᠂ ᠬᠠᠷᠠᠯᠲᠠ ᠲᠥᠯᠥᠪᠯᠡᠭᠡ ᠲᠣᠭᠲᠠᠭᠠᠵᠤ᠂ ᠠᠵᠤ ᠦᠢᠯᠡᠰ ᠤᠨ ᠳᠠᠪᠠᠭᠤᠯᠢᠭ ᠢᠶᠠᠨ ᠪᠠᠬᠢᠵᠢᠭᠦᠯᠦᠨ᠂ ᠠᠷᠭ᠎ᠠ ᠪᠦᠬᠦᠨ ᠢ ᠰᠦᠪᠡᠭᠴᠢᠯᠡᠨ ᠳᠠᠯᠳᠠ ᠬᠦᠴᠦᠨ ᠢ ᠠᠭᠤᠳᠠᠯᠤᠨ ᠦᠷ᠎ᠡ ᠠᠰᠢᠭ ᠢ ᠨᠡᠮᠡᠭᠳᠡᠭᠦᠯᠵᠦ᠂ ᠦᠢᠯᠡᠳᠬᠦᠨ ᠤ ᠶᠠᠰᠤ ᠴᠢᠨᠠᠷ ᠪᠣᠯᠤᠨ ᠥᠷᠢᠰᠥᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠦᠬᠦ ᠬᠤᠰᠢᠭᠤᠨ ᠤ ᠠᠵᠤ ᠠᠬᠤᠢ ᠶᠢᠨ ᠲᠣᠭᠲᠠᠭᠤᠨ ᠢᠶᠠᠷ ᠰᠠᠶᠢᠵᠢᠷᠠᠬᠤ ᠶᠢ ᠳᠡᠮᠵᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠠᠳᠬᠤᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠤᠨ ᠲᠣᠭᠤᠷᠢᠨ ᠳᠤ ᠨᠠᠷᠢᠯᠢᠭ ᠤᠨᠤᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠂ ᠠᠵᠤ ᠠᠬᠤᠶᠢᠯᠠᠯ ᠳᠤ ᠬᠥᠭᠵᠢᠯᠲᠡ ᠶᠢᠨ ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ ᠬᠤᠰᠢᠭᠤᠨ ᠤ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号