ᠮᠠᠨ ᠤ ᠬᠤᠰᠢᠭᠤ 2024 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠨᠡᠷᠡᠲᠦ ᠲᠡᠮᠳᠡᠭᠲᠦ ᠶᠢ ᠡᠭᠦᠳᠬᠦ ᠪᠠ ᠤᠯᠠᠮᠵᠢᠯᠠᠨ ᠳᠡᠯᠭᠡᠷᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/5/16
     ᠣᠶᠢᠷ᠎ᠠ ᠳᠤ᠂ ᠮᠠᠨ ᠤ ᠬᠤᠰᠢᠭᠤ 2024 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠨᠡᠷᠡᠲᠦ ᠲᠡᠮᠳᠡᠭᠲᠦ ᠶᠢ ᠡᠭᠦᠳᠬᠦ ᠪᠠ ᠤᠯᠠᠮᠵᠢᠯᠠᠨ ᠳᠡᠯᠭᠡᠷᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠼᠦᠩ ᠮᠧᠢ ᠬᠤᠷᠠᠯ ᠡᠷᠬᠢᠯᠡᠵᠦ ᠶᠠᠷᠢᠶ᠎ᠠ ᠲᠠᠯᠪᠢᠪᠠ᠃ ᠼᠦᠩ ᠮᠧᠢ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠵᠣᠭᠰᠣᠴᠠ ᠪᠠᠨ ᠳᠡᠭᠡᠭᠰᠢᠯᠡᠭᠦᠯᠦᠨ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠨᠢᠭᠡ ᠵᠦᠢᠯ ᠤᠨ ᠦᠨᠳᠦᠰᠦᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠭᠤᠣᠯᠳᠠᠯᠭ᠎ᠠ ᠶᠢ ᠣᠨᠣᠪᠴᠢᠲᠠᠢ ᠡᠵᠡᠮᠳᠡᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠡᠷᠡᠲᠦ ᠲᠥᠷᠥᠯ ᠲᠡᠮᠳᠡᠭᠲᠦ ᠶᠢᠨ ᠤᠬᠠᠮᠰᠠᠷ ᠢ ᠪᠣᠢ ᠪᠣᠯᠭᠠᠵᠤ᠂ ᠤᠬᠠᠭᠤᠯᠭ᠎ᠠ ᠶᠢᠨ ᠤᠬᠠᠮᠰᠠᠷ ᠢ ᠴᠢᠩᠭᠠᠷᠠᠭᠤᠯᠤᠨ᠂ ᠦᠨᠡᠨ ᠪᠣᠳᠠᠲᠠᠢ ᠦᠷ᠎ᠡ ᠪᠦᠲᠦᠮᠵᠢ ᠣᠯᠵᠤ᠂ ᠪᠦᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠪᠦᠬᠦ ᠬᠤᠰᠢᠭᠤᠨ ᠤ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠰᠠᠯᠪᠤᠷᠢ᠂ ᠥᠷᠲᠡᠭᠡ ᠨᠢ ᠭᠤᠣᠯ ᠴᠣᠭᠴᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠠᠶᠢᠷᠢ ᠲᠣᠭᠲᠠᠭᠠᠯᠲᠠ ᠪᠠᠨ ᠡᠵᠡᠮᠳᠡᠨ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠭᠦᠨ ᠢ ᠦᠨᠡᠨ ᠬᠦ ᠰᠢᠨ᠎ᠡ ᠦᠵᠡᠯ ᠰᠠᠨᠠᠭ᠎ᠠ ᠶᠢ ᠤᠯᠠᠮᠵᠢᠯᠠᠬᠤ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠬᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠵᠢᠭᠰᠠᠭᠠᠯ ᠤᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠣᠨᠴᠠᠯᠢᠭᠲᠤ ᠳᠠᠪᠠᠭᠤᠯᠢᠭ ᠢ ᠳᠤᠪᠤᠶᠢᠯᠭᠠᠨ᠂ ᠲᠡᠳᠬᠦᠨ ᠪᠤᠶᠢᠵᠢᠭᠤᠯᠬᠤ ᠶᠢ ᠴᠢᠩᠭᠠᠳᠬᠠᠵᠤ᠂ ᠲᠦᠷᠦᠯ ᠳᠡᠮᠳᠡᠭᠲᠦ ᠶᠢᠨ ᠨᠥᠯᠦᠭᠡ ᠲᠤᠰᠬᠠᠯ ᠢ ᠲᠤᠮᠤᠷᠠᠭᠤᠯᠵᠦ᠂ ᠪᠣᠳᠠᠲᠤ ᠦᠷ᠎ᠡ ᠪᠦᠲᠦᠮᠵᠢ ᠲᠠᠢ᠂ ᠳᠡᠯᠭᠡᠷᠡᠭᠦᠯᠵᠦ ᠪᠤᠯᠬᠤᠶᠢᠴᠠ ᠦᠨᠳᠦᠷ ᠶᠠᠰᠦ ᠴᠢᠨᠠᠷ ᠪᠦᠬᠦᠢ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠲᠠᠰᠤᠷᠠᠯᠲᠠ ᠦᠭᠡᠢ ᠡᠭᠦᠳᠬᠦ ᠬᠡᠷᠡᠭᠲᠠᠢ᠃ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠥᠷᠭᠡᠨ ᠣᠯᠠᠨ ᠠᠷᠠᠳ ᠲᠦᠮᠡᠨ ᠳᠤ ᠰᠡᠳᠬᠢᠯ ᠲᠠᠯᠪᠢᠨ ᠦᠢᠯᠡᠴᠢᠯᠡᠵᠦ᠂ ᠢᠯᠡᠳᠲᠡ ᠦᠷ᠎ᠡ ᠪᠦᠲᠦᠮᠵᠢ ᠪᠠᠷ ᠪᠣᠯᠪᠠᠰᠤᠨ ᠤ ᠦᠢᠯᠡᠳᠦᠯᠭᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃      ᠲᠤᠰ ᠤᠳᠠᠭᠠᠨ ᠤ ᠪᠣᠯᠪᠠᠰᠤᠷᠠᠯ ᠳᠤ ᠳᠤᠮᠳᠠᠳᠤ ᠤᠯᠤᠰ ᠤᠨ ᠵᠠᠯᠠᠭᠤ ᠰᠠᠶᠢᠨ ᠳᠤᠷᠠᠴᠤᠳ ᠤᠨ ᠨᠡᠶᠢᠭᠡᠮᠯᠢᠭ ᠤᠨ ᠤᠤᠯ ᠤᠨ ᠳᠡᠳ᠋ ᠳᠠᠷᠤᠭ᠎ᠠ᠂ ᠭᠤᠸᠠᠩᠳᠦ᠋ᠩ ᠮᠤᠵᠢ ᠶᠢᠨ ᠰᠠᠶᠢᠨ ᠳᠤᠷᠠᠴᠤᠳ ᠤᠨ ᠬᠤᠯᠪᠣᠭᠠᠲᠤ ᠬᠤᠷᠠᠯ ᠤᠨ ᠤᠤᠯ ᠤᠨ ᠳᠡᠳ᠋ ᠳᠠᠷᠤᠭ᠎ᠠ᠂ ᠭᠤᠸᠠᠩᠳᠦ᠋ᠩ ᠮᠤᠵᠢ ᠶᠢᠨ ᠨᠡᠶᠢᠭᠡᠮ ᠤᠨ ᠠᠵᠢᠯᠴᠢᠨ ᠬᠢᠭᠡᠳ ᠰᠠᠶᠢᠨ ᠳᠤᠷᠠᠴᠤᠳ ᠤᠨ ᠬᠠᠮᠲᠤᠷᠠᠯᠴᠠᠭ᠎ᠠ ᠶᠢ ᠠᠬᠢᠭᠤᠯᠬᠤ ᠨᠡᠶᠢᠭᠡᠮᠯᠢᠭ ᠤᠨ ᠤᠤᠯ ᠤᠨ ᠳᠠᠷᠤᠭ᠎ᠠ᠂ ᠭᠤᠸᠠᠩᠳᠦ᠋ᠩ ᠮᠤᠵᠢ ᠶᠢᠨ ᠡᠪᠯᠡᠯ ᠤᠨ ᠰᠤᠷᠭᠠᠭᠤᠯᠢ ︵ᠭᠤᠸᠠᠩᠳᠦ᠋ᠩ ᠤᠨ ᠵᠠᠯᠠᠭᠤᠴᠤᠳ ᠤᠨ ᠤᠯᠤᠰ ᠲᠥᠷᠥ ᠶᠢᠨ ᠳᠡᠭᠡᠳᠦ ᠰᠤᠷᠭᠠᠭᠤᠯᠢ︶ ᠶᠢᠨ ᠲᠠᠨ ᠵᠢᠶᠠᠨ ᠭᠤᠸᠠᠩ ᠫᠷᠤᠹᠧᠰᠰᠤᠷ ᠢ ᠤᠷᠢᠵᠤ ᠬᠢᠴᠢᠶᠡᠯ ᠣᠷᠣᠭᠤᠯᠪᠠ᠃ ᠲᠠᠨ ᠵᠢᠶᠠᠨ ᠭᠤᠸᠠᠩ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠥᠭᠵᠢᠯᠲᠡ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠪᠣᠯᠤᠨ ᠠᠵᠢᠯᠯᠠᠭᠠᠨ ᠤ ᠴᠢᠳᠠᠪᠬᠢ︾ ᠶᠢᠨ ᠲᠤᠭᠤᠷᠢᠨ ᠳᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠳᠡᠮᠳᠡᠭᠲᠦ ᠶᠢᠨ ︽ᠳᠥᠷᠪᠡᠨ ᠣᠨᠴᠠᠯᠢᠭ︾᠂ ︽ᠭᠤᠷᠪᠠᠨ ᠬᠦᠴᠢᠷ ᠠᠰᠠᠭᠤᠳᠠᠯ︾ ᠢ ᠰᠢᠢᠳᠪᠦᠷᠢᠯᠡᠬᠦ᠂ ︽ᠭᠤᠷᠪᠠᠨ ᠶᠡᠭᠡ ᠡᠯᠧᠮᠧᠨ᠋ᠲ︾ ᠢ ᠡᠵᠡᠮᠳᠡᠬᠦ ᠪᠤᠯᠤᠨ ᠠᠷᠠᠳ ᠲᠦᠮᠡᠨ ᠳᠤ ᠮᠡᠳᠡᠷᠡᠭᠳᠡᠬᠦ ᠳᠥᠷᠪᠡᠨ ᠲᠠᠯ᠎ᠠ ᠠᠴᠠ ᠭᠦᠨᠵᠡᠭᠡᠢ ᠪᠥᠭᠡᠳ ᠣᠶᠢᠯᠠᠭᠠᠮᠵᠢᠲᠠᠢ᠂ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠯᠲᠠ ᠬᠢᠵᠡᠢ᠃      ᠲᠤᠰ ᠤᠳᠠᠭᠠᠨ ᠤ ᠪᠤᠯᠪᠠᠰᠤᠷᠠᠯ ᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠠᠮ ᠤᠨ ᠰᠤᠷᠭᠠᠭᠤᠯᠢ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠭᠤᠣᠯᠯᠠᠨ ᠡᠷᠬᠢᠯᠡᠪᠡ᠃ ᠪᠦᠬᠦ ᠬᠤᠰᠢᠭᠤᠨ ᠤ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ᠂ ᠥᠷᠲᠡᠭᠡᠨ ᠤ ᠬᠠᠷᠢᠭᠤᠴᠠᠯᠭᠠᠲᠠᠨ᠂ ᠪᠦᠬᠦ ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠬᠡᠰᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠢᠴᠢ ᠰᠠᠶᠢᠨ ᠲᠤᠷᠠᠴᠤᠤᠯ ᠤᠨ ᠲᠥᠯᠥᠭᠡᠯᠡᠭᠴᠢ ᠪᠣᠯᠪᠠᠰᠤᠷᠠᠯ ᠳᠤ ᠣᠷᠣᠯᠴᠠᠪᠠ᠃      ᠲᠤᠰ ᠤᠳᠠᠭᠠᠨ ᠤ ᠪᠣᠯᠪᠠᠰᠤᠷᠠᠯ ᠳᠤ᠂ ᠲᠠᠨ ᠵᠢᠶᠠᠨ ᠭᠤᠸᠠᠩ ᠫᠷᠤᠹᠧᠰᠰᠤᠷ ᠪᠠᠰᠠ ᠤᠷᠢᠳ ᠬᠤᠵᠢᠳ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠤᠯᠠᠭᠠᠨᠮᠥ᠋ᠴᠢᠷ ᠤᠨ ᠦᠵᠡᠭᠦᠯᠦᠯᠭᠡ ᠶᠢᠨ ᠲᠢᠩᠬᠢᠮ᠂ ᠰᠠᠩᠪᠤᠯᠠᠭ ᠰᠤᠮᠤᠨ ᠤ ᠪᠠᠶ᠋ᠬᠠᠭᠤᠯᠠ ᠭᠠᠴᠠᠭᠠᠨ ᠤ ︽ᠤᠯᠠᠭᠠᠨ ᠪᠤᠭᠴᠦ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ᠂ ᠦᠷᠭᠡᠨᠳᠡᠯ᠎ᠡ ᠪᠠᠯᠭᠠᠰᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠦᠷᠳᠡᠭᠡ — ᠴᠠᠭᠠᠨ ᠨᠡᠶᠢᠭᠡᠮ ᠲᠣᠭᠤᠷᠢᠭ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠪᠤᠯᠬᠤ ᠪᠢᠩᠲ᠋ᠤᠸᠠᠨ ᠤ ᠦᠵᠡᠰᠬᠦᠯᠡᠩ ᠤᠨ ᠣᠷᠳᠣᠨ᠂ ᠯᠢ ᠭᠤᠸᠠᠢ ᠶᠢᠨ ᠠᠵᠢᠯᠯᠠᠬᠤ ᠲᠠᠰᠤᠭ ᠵᠡᠷᠭᠡ ᠳᠤ ᠬᠦᠨᠵᠡᠭᠡᠶᠢᠷᠡᠨ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠬᠢᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠬᠡᠷᠬᠢᠨ ᠳᠡᠭᠡᠭᠰᠢᠯᠡᠭᠦᠯᠬᠦ᠂ ᠠᠵᠢᠯ ᠤᠨ ᠭᠢᠯᠠᠰ ᠴᠡᠭ ᠢ ᠭᠡᠷᠬᠢᠨ ᠪᠤᠢ ᠪᠤᠯᠭᠠᠬᠤ᠂ ᠲᠦᠷᠦᠯ ᠳᠡᠮᠳᠡᠭᠲᠦ ᠶᠢ ᠭᠡᠷᠬᠢᠨ ᠡᠭᠦᠳᠬᠦ ᠵᠡᠷᠭᠡ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ ᠶᠢᠨ ᠲᠠᠭᠠᠤ ᠵᠢᠭᠠᠨ ᠵᠢᠯᠣᠭᠤᠳᠴᠤ᠂ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠳᠤ ᠨᠡᠩ ᠣᠨᠴᠠᠯᠢᠭ ᠲᠠᠢ᠂ ᠬᠠᠶᠢᠷ᠎ᠠ ᠰᠡᠳᠬᠢᠯᠭᠡ ᠲᠠᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠳᠡᠮᠳᠡᠭᠲᠦ ᠶᠢ ᠡᠭᠦᠳᠬᠦ ᠳᠤ ᠬᠦᠴᠦ ᠨᠡᠮᠡᠷᠢᠯᠡᠵᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号