ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠰᠤᠮᠤ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠶ ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/5/17
     ᠨᠢᠭᠡ᠂ ᠲᠥᠷᠥ ᠶᠢᠨ ᠪᠣᠳᠣᠯᠭ᠎ᠠ ᠶᠢᠨ ᠠᠬᠤᠶ ᠪᠠᠶᠢᠳᠠᠯ ᠬᠢᠭᠡᠳ ᠵᠣᠷᠢᠯᠭ᠎ᠠ      ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠰᠤᠮᠤ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠶ ᠮᠡᠳᠡᠭᠳᠡᠯ︾ ︵ᠰᠦ᠋ ᠰᠢ ᠵᠧᠩ ᠲᠠᠷᠬᠠᠭᠠᠭᠰᠠᠨ ︹2020︺ 51 ᠳ᠋ᠦ᠋ᠭᠡᠷ ᠲᠣᠭᠠᠲᠤ︶ ᠨᠢ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ ᠶᠤᠮ᠃ ᠰᠤᠮᠤ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠣᠯᠭᠤᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ ᠨᠢ ᠲᠣᠳᠣᠷᠬᠠᠶ ᠥᠬᠡᠶ᠂ ᠬᠠᠷᠢᠭᠤᠴᠠᠯᠭ᠎ᠠ ᠲᠠᠢ ᠪᠥᠭᠡᠳ ᠡᠷᠬᠡ ᠥᠬᠡᠶ ᠵᠡᠷᠭᠡ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠤᠨ ᠨᠠᠩ ᠳᠥᠭᠦᠮ ᠳᠥᠲᠡ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠬᠤ ᠶᠢᠨ ᠲᠥᠯᠥᠭᠡ ᠶᠤᠮ᠃      ᠬᠤᠶᠠᠷ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢᠨ ᠲᠠᠶᠢᠯᠤᠮᠵᠢ᠃      ᠡᠨᠡ ᠪᠣᠯ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠥᠭᠦᠮ ᠳᠥᠲᠡ ᠥᠨᠳᠥᠷ ᠪᠦᠲᠦᠮᠵᠢᠲᠡᠶ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠬᠤ ᠴᠢᠬᠤᠯᠠ ᠡᠭᠦᠷᠭᠡ ᠮᠥᠨ᠂ ᠪᠠᠰᠠ ᠴᠤ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠰᠠᠭᠤᠷᠢ ᠴᠢᠨᠠᠷᠲᠠᠶ ᠠᠵᠢᠯ ᠮᠥᠨ᠃      ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ᠡᠷᠬᠡ ᠪᠠᠨ ᠣᠨᠣᠪᠴᠢᠲᠠᠶ ᠣᠯᠭᠤᠨ᠎ᠠ᠄ ᠲᠥᠷᠥ ᠶᠢᠨ ᠪᠣᠳᠣᠯᠭ᠎ᠠ ᠨᠢ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠷᠴᠠᠭ ᠢ ᠦᠨᠳᠦᠰᠦᠯᠡᠨ᠂ ᠰᠥᠨᠢᠳ ᠪᠠᠷᠠᠭᠤᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠮᠤ ᠪᠠᠯᠭᠠᠰᠤᠨ ᠳᠤ ᠲᠦᠢᠯ ᠤᠨ ᠣᠨᠣᠪᠴᠢᠲᠠᠶ ᠪᠠᠷ ᠡᠷᠬᠡ ᠣᠯᠭᠤᠨ᠎ᠠ᠃ ᠢᠯᠠᠩᠭᠤᠶ᠎ᠠ ᠰᠠᠶᠢᠬᠠᠨᠲᠠᠯ᠎ᠠ ᠪᠠᠯᠭᠠᠰᠤ᠂ ᠵᠢᠷᠦᠬᠡ ᠪᠠᠯᠭᠠᠰᠤ᠂ ᠦᠷᠭᠡᠨᠲᠠᠯ᠎ᠠ ᠪᠠᠯᠭᠠᠰᠤ ᠵᠡᠷᠭᠡ ᠰᠤᠮᠤ ᠪᠠᠯᠭᠠᠰᠤᠨ ᠳᠤ ᠲᠣᠰ ᠲᠣᠰ ᠠᠳᠠᠯᠢ ᠪᠤᠰᠤ ᠲᠤᠭ᠎ᠠ ᠬᠡᠮᠵᠢᠶᠡᠨ ᠤ ᠵᠠᠰᠠᠭ ᠵᠠᠬᠢᠷᠭᠠᠨ ᠤ ᠰᠢᠢᠳᠬᠡᠯ ᠤᠨ ᠤᠴᠢᠷ ᠶᠠᠪᠤᠳᠠᠯ ᠢ ᠣᠯᠭᠤᠭᠰᠠᠨ ᠪᠥᠭᠡᠳ ᠤᠤᠯ ᠤᠨ ᠬᠡᠷᠡᠭᠵᠢᠭᠦᠯᠬᠦ ᠭᠤᠤᠯ ᠴᠣᠭᠴᠠ ᠶᠢ ᠲᠣᠳᠣᠷᠬᠠᠶᠢᠯᠠᠪᠠ᠃      ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠴᠢᠩᠭ᠎ᠠ ᠭᠦᠢᠴᠡᠳᠬᠡᠬᠦ ᠬᠡᠷᠡᠭᠲᠡᠶ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠦᠢᠯᠡᠰ ᠢ ᠳᠠᠭᠠᠭᠠᠨ ᠠᠪᠤᠭᠰᠠᠨ ᠡᠯ᠎ᠡ ᠰᠤᠮᠤ ᠪᠠᠯᠭᠠᠰᠤ ᠨᠢ ᠡᠷᠬᠡᠪᠰᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠴᠢᠩᠭ᠎ᠠ ᠭᠦᠢᠴᠡᠳᠬᠡᠵᠦ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠶᠠᠪᠤᠴᠠ ᠶᠢᠨ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃      ᠬᠡᠷᠡᠭᠵᠢᠭᠦᠯᠬᠦ ᠪᠠᠲᠤᠯᠠᠭ᠎ᠠ᠄ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠᠷ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠶᠢ ᠰᠤᠮᠤ ᠪᠠᠯᠭᠠᠰᠤ ᠯᠤᠭ᠎ᠠ ᠵᠣᠯᠭᠠᠭᠤᠯᠬᠤ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠪᠣᠯᠪᠠᠰᠤᠷᠠᠯ ᠪᠠ ᠬᠢᠨᠠᠯᠲᠠ ᠲᠠᠯᠪᠢᠵᠤ᠂ ᠰᠤᠮᠤ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠤᠷᠤᠭᠰᠢᠲᠠᠶ ᠵᠣᠯᠭᠠᠭᠤᠯᠬᠤ ᠶᠢᠨ ᠬᠠᠮᠲᠤ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠪᠠᠰᠠ ᠰᠤᠮᠤ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠴᠢᠩᠭᠠᠳᠬᠠᠪᠠ᠃      ᠭᠤᠷᠪᠠ᠂ ᠲᠥᠷᠥ ᠶᠢᠨ ᠪᠣᠳᠣᠯᠭ᠎ᠠ ᠶᠢᠨ ᠠᠴᠢ ᠬᠤᠯᠪᠣᠭᠳᠠᠯ ᠪᠠ ᠨᠥᠯᠥᠭᠡ      ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠬᠤ᠄ ᠰᠤᠮᠤ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠣᠯᠭᠤᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ ᠪᠣᠯᠤᠨ᠎ᠠ᠃      ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠄ ᠠᠵᠢᠯᠲᠠᠨ ᠤ ᠬᠦᠴᠦᠨ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠰᠤᠮᠤ ᠪᠠᠯᠭᠠᠰᠤ ᠲᠡᠶᠢᠰᠢ ᠰᠢᠯᠵᠢᠭᠦᠯᠬᠦ ᠶᠢ ᠠᠬᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠶ ᠪᠠᠶᠢᠬᠤ ᠶᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤᠷᠠᠳᠪᠠ᠃      ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠄ ᠡᠷᠬᠡ ᠪᠠᠨ ᠨᠠᠷᠢᠯᠢᠭ ᠣᠨᠣᠴᠠᠲᠠᠶ ᠪᠠᠷ ᠣᠯᠭᠤᠬᠤ ᠪᠠ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠶᠠᠪᠤᠴᠠ ᠳᠠᠬᠢ ᠲᠦᠯᠬᠢᠯᠴᠡᠬᠦ ᠦᠵᠡᠭᠳᠡᠯ ᠢ ᠪᠠᠭᠠᠰᠬᠠᠵᠤ᠂ ᠬᠠᠤᠯᠢ ᠬᠡᠷᠡᠭᠵᠢᠭᠦᠯᠬᠦ ᠠᠵᠢᠯ ᠤᠨ ᠨᠠᠩ ᠵᠢᠷᠤᠮᠵᠢᠭᠰᠠᠨ᠂ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠵᠤ ᠪᠣᠯᠤᠨ᠎ᠠ᠃      ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ᠄ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠨᠢ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠬᠤ᠂ ᠦᠨᠳᠦᠰᠦᠨ ᠱᠠᠲᠤᠨ ᠤ ᠺᠠᠳ᠋ᠷᠴᠤᠳ ᠤᠨ ᠬᠠᠤᠯᠢ ᠪᠠᠷ ᠵᠠᠰᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠬᠦ᠂ ᠬᠠᠤᠯᠢ ᠪᠠᠷ ᠵᠠᠰᠠᠬᠤ ᠨᠡᠶᠢᠭᠡᠮ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃      ᠳᠥᠷᠪᠡ᠂ ᠳ᠋ᠥᠩᠨᠡᠯᠲᠡ      ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠰᠤᠮᠤ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠶ ᠮᠡᠳᠡᠭᠳᠡᠯ︾ ︵ᠰᠦ᠋ ᠰᠢ ᠵᠧᠩ ᠲᠠᠷᠬᠠᠭᠠᠭᠰᠠᠨ ︹2020︺ 51 ᠳ᠋ᠦ᠋ᠭᠡᠷ ᠲᠣᠭᠠᠲᠤ︶ ᠪᠣᠯ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠣᠨᠣᠪᠴᠢᠲᠠᠶ ᠡᠷᠬᠡ ᠣᠯᠭᠤᠬᠤ ᠪᠠ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠵᠤ ᠪᠣᠯᠤᠨ᠎ᠠ᠃ ᠡᠭᠦᠨ ᠤ ᠬᠠᠮᠲᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号