ᠭᠤᠷᠪᠠᠨ ᠲᠠᠯ᠎ᠠ ᠪᠠᠷ ᠢᠶᠠᠨ ᠳᠤᠷᠰᠢᠯᠭ᠎ᠠ ᠰᠣᠯᠢᠯᠴᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠪᠣᠳᠣᠯᠭ᠎ᠠ ᠶᠢ ᠬᠠᠮᠲᠤᠪᠠᠷ ᠵᠦᠪᠯᠡᠭᠰᠡᠨ
ᠨᠡᠶᠢᠲᠡᠯᠡᠭᠰᠡᠨ ᠴᠠᠭ᠄
2024/5/18
     5 ᠰᠠᠷ᠎ᠠ ᠶᠢᠨ 15 — 16 ᠤ ᠡᠳᠦᠷ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠾᠧ ᠵᠧᠦ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢᠨ ᠽᠧ ᠮᠢᠨ  ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠵᠣᠣ ᠫᠢᠩ ᠰᠢᠶᠠᠨ ᠤ ᠨᠠᠮ ᠤᠨ ᠬᠤᠷᠢᠶᠠᠨ ᠤ ᠱᠦᠵᠢ ᠽᠸᠦ ᠬᠤᠩ ᠶᠢᠩ ᠨᠠᠷ ᠵᠢᠴᠢ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠡᠯᠲᠡᠰ ᠤᠨ ᠳᠡᠳ᠋ ᠡᠷᠬᠢᠯᠡᠭᠴᠢ ᠱᠢ ᠬᠠᠶ ᠶᠠᠨ᠂ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠯᠪᠠᠨ ᠭᠡᠷ ᠤᠨ ᠳᠡᠳ᠋ ᠡᠷᠬᠢᠯᠡᠭᠴᠢ ᠸᠠᠩ ᠶᠠᠨ᠂ ᠲᠠᠢ ᠭᠦ᠋ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠳ᠋ᠢᠶᠤᠤ ᡁᠢ ᠾᠦᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠮᠠᠨ ᠤ ᠬᠤᠰᠢᠭᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠣᠯᠢᠯᠴᠠᠭ᠎ᠠ ᠦᠷᠨᠢᠬᠦᠯᠵᠡᠢ᠃       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠰᠢᠭᠤ ᠤᠳᠤᠷᠢᠳᠤᠯᠭ᠎ᠠ ᠴᠧᠨ ᠢᠦ᠋ᠶ ᠴᠧᠩ᠂ ᠹᠠᠨ ᠶᠢᠦ ᠴᠢᠶᠠᠩ᠂ ᠮᠥᠷᠡᠨ᠂ ᠳᠠᠯᠠᠨᠪᠠᠶᠠᠷ ᠨᠠᠷ ᠤᠨ ᠪᠠᠷ᠎ᠠ ᠪᠣᠯᠣᠯᠭ᠎ᠠ ᠲᠠᠢ ᠪᠠᠷ ᠤᠷᠢᠳ ᠬᠤᠵᠢᠳ ᠭᠠᠴᠠᠭ᠎ᠠ ᠲᠣᠰᠬᠤᠨ  ᠤ ᠲᠠᠰ ᠤᠨ ᠬᠡᠷᠡᠯ ᠤᠨ ᠡᠨᠧᠷᠬᠢ ᠶᠢᠨ ᠴᠠᠬᠢᠯᠭᠠᠨ ᠥᠷᠲᠡᠭᠡ᠂ ᠰᠠᠶᠢᠬᠠᠨᠲᠠᠯ᠎ᠠ ᠪᠠᠯᠭᠠᠰᠤᠨ ᠤ ᠢᠳᠡᠰᠢᠨ ᠨᠤᠭᠤᠭᠠᠨ ᠤ ᠰᠠᠭᠤᠷᠢᠨ᠂ ᠵᠢᠶᠠ ᠰᠢᠩ ᠳᠠᠷᠢᠵᠤ ᠳᠡᠵᠢᠬᠡᠬᠦ ᠰᠠᠭᠤᠷᠢᠨ᠂ ᠰᠦᠨᠢᠳ ᠬᠤᠤᠰ ᠪᠥᠬᠦᠲᠦ ᠲᠡᠮᠡᠭᠡ ᠮᠠᠯᠵᠢᠬᠤ ᠰᠠᠭᠤᠷᠢᠨ ᠂ ᠰᠥᠨᠢᠳ ᠬᠤᠨᠢᠨ ᠤ ᠣᠶᠤᠨᠴᠢ ᠮᠠᠯᠵᠢᠯ ᠤᠨ ᠲᠠᠯᠠᠪᠠᠶ᠂ ᠰᠢᠨ᠎ᠡ ᠮᠠᠯᠵᠢᠬᠤ ᠣᠷᠣᠨ ᠤ ᠰᠣᠶᠣᠯ ᠤᠨ ᠦᠶᠯᠡᠴᠢᠯᠡᠭᠡᠨ  ᠤ ᠥᠷᠲᠡᠭᠡ ᠪᠠ ᠦᠨᠳᠦᠰᠦᠲᠡᠨ ᠤ ᠪᠦᠯᠬᠦᠮᠳᠡᠯ ᠤᠨ ᠦᠵᠡᠭᠦᠯᠦᠯᠭᠡ ᠶᠢᠨ ᠣᠷᠳᠣᠨ᠂ ᠤᠯᠠᠭᠠᠨᠮᠥ᠋ᠴᠢᠷ ᠤᠨ ᠦᠵᠡᠭᠦᠯᠦᠯᠭᠡ ᠶᠢᠨ ᠲᠢᠩᠬᠢᠮ ᠢᠶᠠᠷ ᠭᠦᠨᠵᠡᠭᠡᠶᠢᠷᠡᠨ ᠲᠣᠭᠤᠷᠢᠨ ᠰᠤᠷᠤᠯᠴᠠᠯᠭ᠎ᠠ ᠦᠷᠨᠢᠬᠦᠯᠵᠡᠢ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠰᠣᠨᠣᠰᠬᠤ ᠪᠠ ᠪᠡᠶᠡᠴᠢᠯᠡᠨ ᠣᠶᠢᠯᠠᠭᠠᠬᠤ ᠵᠡᠷᠭᠡ ᠠᠷᠭ᠎ᠠ ᠬᠡᠯᠪᠡᠷᠢ ᠪᠠᠷ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠭᠦᠨᠵᠡᠭᠡᠶ ᠣᠶᠢᠯᠠᠭᠠᠬᠤ ᠶᠢᠨ ᠬᠠᠮᠲᠤ᠂ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠮᠠᠨ ᠤ ᠬᠤᠰᠢᠭᠤ ᠶᠢ ᠬᠠᠪᠰᠤᠷᠤᠨ ᠲᠡᠳᠬᠦᠬᠦ ᠲᠥᠷᠥᠯ ᠵᠦᠶᠯ ᠤᠨ ᠠᠬᠢᠴᠠ ᠶᠢ ᠪᠠᠶᠢᠴᠠᠭᠠᠨ ᠤᠶᠢᠯᠠᠭᠠᠪᠠ᠃ ᠤᠯᠠᠨ ᠢᠶᠠᠷ ᠢᠶᠠᠨ ᠮᠠᠨ ᠤ ᠬᠤᠰᠢᠭᠤᠨ ᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠨᠢ ᠰᠡᠩᠬᠡᠷᠡᠭᠦᠯᠦᠯ ᠲᠠᠢ᠂ ᠣᠯᠤᠯᠲᠠ  ᠲᠠᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠷᠡᠭᠡᠳᠦᠢ ᠬᠡᠬᠡᠨ ᠰᠠᠷᠠᠭᠤᠯ ᠪᠠᠶᠢᠨ᠎ᠠ᠂ ᠠᠷᠠᠳ ᠢ ᠴᠢᠨᠡᠭᠡᠯᠢᠭᠵᠢᠬᠦᠯᠬᠦ ᠪᠠᠷ ᠤᠳᠤᠷᠢᠳᠤᠮᠵᠢ ᠪᠣᠯᠭᠠᠬᠤ᠂ ᠠᠵᠤ ᠦᠢᠯᠡᠰ ᠢᠶᠠᠷ ᠲᠡᠷᠢᠭᠦᠨ ᠪᠠᠶᠢᠷᠢᠨ ᠳᠤ ᠲᠠᠯᠪᠢᠬᠤ ᠶᠢ ᠦᠷᠭᠦᠯᠵᠢᠯᠡᠨ ᠪᠠᠷᠢᠮᠲᠠᠯᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠱᠠᠳᠤᠴᠢ ᠴᠢᠨᠠᠷᠲᠠᠢ ᠦᠷ᠎ᠡ ᠪᠦᠲᠦᠮᠵᠢ ᠤᠯᠬᠤ ᠶᠢ ᠬᠦᠳᠦᠯᠦᠨ ᠳᠠᠭᠠᠭᠤᠯᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠵᠡᠬᠡᠪᠡ᠃      ᠣᠶᠢᠯᠠᠭᠠᠭᠰᠠᠨ ᠢᠶᠠᠷ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠰᠢ᠂ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠬᠢᠨ ᠮᠠᠨ ᠤ ᠬᠤᠰᠢᠭᠤ ᠪᠣᠯᠤᠨ ᠵᠣᠣ ᠫᠢᠩ ᠰᠢᠶᠠᠨ ᠲᠠᠢ ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠵᠤ᠂ ᠭᠤᠷᠪᠠᠨ ᠲᠠᠯ᠎ᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠳᠤᠮᠳᠠ ᠭᠠᠷ ᠬᠤᠯᠪᠣᠨ ᠬᠠᠮᠲᠤ ᠪᠠᠷ ᠤᠷᠤᠭᠰᠢᠯᠠᠭᠰᠠᠨ ᠶᠤᠮ᠃ ᠲᠣᠰ ᠤᠳᠠᠭᠠᠨ ᠤ ᠳᠤᠷᠰᠢᠯᠭ᠎ᠠ ᠰᠤᠯᠢᠯᠴᠠᠬᠤ ᠠᠵᠢᠯᠯᠭ᠎ᠠ ᠨᠢ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠬᠢᠨ ᠮᠠᠨ ᠤ ᠬᠤᠰᠢᠭᠤ᠂ ᠵᠣᠣ ᠫᠢᠩ ᠰᠢᠶᠠᠨ ᠬᠤᠶᠠᠷ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠬᠥᠮᠦᠰ ᠢ ᠵᠣᠬᠢᠴᠠᠭᠤᠯᠵᠤ ᠦᠷᠨᠢᠬᠦᠯᠦᠨ᠂ ᠲᠠᠷᠠᠭᠠᠴᠢ ᠶᠢᠨ ᠠᠯᠬᠤᠮ ᠳᠤ ᠣᠯᠠᠨ ᠵᠦᠶᠯ ᠤᠨ ᠠᠵᠢᠯ ᠤᠨ ᠵᠣᠯᠭᠠᠯᠴᠠᠭ᠎ᠠ ᠶᠢ ᠦᠷᠭᠦᠯᠵᠢᠯᠡᠨ ᠥᠷᠨᠢᠭᠦᠯᠵᠦ᠂ ᠠᠮᠵᠢᠯᠲᠠ ᠲᠤᠷᠰᠢᠯᠭ᠎ᠠ ᠪᠠᠨ ᠰᠣᠯᠢᠯᠴᠠᠨ ᠰᠤᠷᠤᠯᠴᠠᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠰᠤᠯᠢᠯᠴᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠣᠯᠠᠨ ︽ᠠᠮᠢᠵᠢᠷᠠᠯ ᠤᠨ ᠬᠦᠴᠦᠨ︾ ᠨᠡᠮᠡᠷᠢᠯᠡᠬᠦ ᠪᠣᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号