ᠮᠠᠨ ᠤ ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/18
     5 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠠᠨ ᠶᠧᠦ ᠴᠢᠶᠠᠩ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠰᠣᠨᠣᠰᠪᠠ᠃      ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠬᠦᠯᠦᠨ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠠᠤᠯᠢᠵᠢᠯ ᠤᠨ ᠦᠵᠡᠯ ᠰᠠᠨᠠᠭ᠎ᠠ᠂ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠢᠶᠠᠷ ᠦᠨᠳᠦᠰᠦᠨ ᠵᠢᠷᠤᠮᠯᠠᠯ ᠪᠣᠯᠭᠠᠵᠤ᠂ ︽ᠲᠠᠪᠤᠨ ᠬᠠᠤᠯᠢᠵᠢᠯ︾᠂ ︽ᠳᠥᠷᠪᠡ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠣᠰᠣᠭᠠᠷ᠂ ᠠᠰᠠᠭᠤᠳᠠᠯ ᠢᠶᠠᠷ ᠤᠳᠤᠷᠢᠳᠤᠮᠵᠢ ᠪᠤᠯᠭᠠᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠦ᠂ ᠠᠵᠢᠯ ᠤᠨ ᠠᠷᠭ᠎ᠠ ᠪᠠᠷᠢᠯ ᠢᠶᠠᠨ ᠰᠢᠨᠡᠴᠢᠯᠡᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠷᠤᠮᠵᠢᠭᠰᠠᠨ ᠪᠠᠶᠢᠭᠤᠯᠤᠯᠲᠠ ᠶᠢ ᠳᠠᠰᠤᠷᠠᠯᠳᠠ ᠦᠭᠡᠢ ᠴᠢᠩᠭᠠᠳᠬᠠᠨ᠂ ᠳᠤᠲᠠᠭᠳᠠᠯ ᠢ ᠪᠠᠶᠢᠴᠠᠭᠠᠬᠤ ᠪᠠᠷ ᠳᠠᠮᠵᠢᠨ ᠳᠤᠲᠠᠭᠤᠳᠠᠯ ᠢ ᠨᠥᠬᠦᠪᠥᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠨ᠎ᠡ ᠪᠠᠶᠢᠳᠠᠯ ᠳᠣᠣᠷᠠᠬᠢ ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ᠃      ᠬᠤᠷᠠᠯ ᠠᠴᠠ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠮᠦᠨ᠎ᠡ ᠹᠷᠣᠨᠲ ᠲᠤ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠤᠨᠤᠰᠤᠨ᠂ ᠠᠰᠠᠭᠤᠳᠠᠯ ᠤᠨ ︽ᠵᠠᠩᠭᠢᠯᠠᠭ᠎ᠠ︾ ᠶᠢ ᠢᠯᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ︽ᠵᠠᠬᠢᠳᠠᠯ ᠰᠤᠷᠪᠤᠯᠵᠢᠯᠠᠭ᠎ᠠ ᠶᠢ ᠲᠥᠪᠯᠡᠷᠡᠭᠦᠯᠦᠨ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ ᠤ ᠲᠤᠰᠢᠶᠠᠨ ᠰᠢᠢᠳᠪᠤᠷᠢᠯᠡᠬᠦᠯᠦᠭᠰᠡᠨ ᠪᠠ ᠲᠤᠰ ᠱᠠᠲᠤᠨ ᠤ ᠡᠮᠬᠢᠯᠡᠨ ᠳᠢᠭᠯᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠬᠤ ᠬᠡᠷᠡᠭᠲᠡᠢ᠃ ᠡᠭᠦᠨ ᠤ ᠬᠠᠮᠲᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠤᠨ ᠯᠠᠪᠳᠠᠭᠤᠨ ᠪᠠᠲᠤᠲᠠᠢ ᠡᠮᠬᠢ ᠵᠢᠷᠤᠮ ᠲᠠᠢ ᠦᠷᠨᠢᠬᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠤᠯᠭᠠᠭᠤᠷᠢ᠂ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ ᠵᠣᠣ ᠶᠥᠩ᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠮᠧᠩ ᠵᠢᠶᠦ᠋ᠨ ᠬᠤᠷᠠᠯ ᠳᠤ ᠣᠷᠣᠯᠴᠠᠵᠤ᠂ ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠭᠤᠣᠯ ᠤᠳᠤᠷᠢᠳᠤᠯᠭ᠎ᠠ ᠬᠤᠷᠠᠯ ᠳᠤ ᠣᠷᠣᠯᠴᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号