ᠮᠠᠨ ᠤ ᠬᠤᠰᠢᠭᠤᠨ ᠤ ᠲᠡᠤᠬᠡᠨ ᠳᠤᠷᠠᠰᠬᠠᠯᠲᠤ ᠵᠤᠶᠢᠯᠡᠰ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠵᠠᠭᠠᠯᠳᠤᠯᠭ᠎ᠠ ᠰᠤᠷᠳᠠᠯ ᠤᠬᠠᠭᠤᠯᠭ᠎ᠠ ᠶᠢᠨ ᠠᠩᠭᠢ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/5/18
     ᠤᠶᠢᠷ᠎ᠠ ᠶᠢᠨ ᠡᠳᠦᠷ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠲᠡᠤᠬᠡᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠵᠠᠭᠠᠯᠳᠤᠯᠭ᠎ᠠ ᠰᠤᠷᠳᠠᠯ ᠤᠬᠠᠭᠤᠯᠭ᠎ᠠ ᠶᠢᠨ ᠠᠩᠭᠢ ᠳᠤ ᠲᠤᠭ ᠣᠯᠭᠤᠬᠤ ᠵᠢᠴᠢ ᠲᠡᠤᠬᠡᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠰᠠᠬᠢᠨ ᠬᠠᠮᠠᠭᠠᠯᠠᠭᠴᠢ ᠶᠢ ᠤᠷᠢᠨ ᠲᠣᠮᠢᠯᠠᠬᠤ ᠶᠣᠰᠣᠯᠠᠯ ᠠᠮᠵᠢᠯᠲᠠ ᠲᠠᠢ ᠶᠠᠪᠤᠭᠳᠠᠪᠠ᠃      ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠸᠧᠢ ᠱᠣ᠋ ᠹᠧᠢ ᠠᠵᠢᠯᠯᠠᠭ᠎ᠠ ᠳᠤ ᠣᠷᠣᠯᠴᠠᠵᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠡᠤᠬᠡᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠩᠭᠢ ᠶᠢᠨ ᠭᠡᠰᠢᠬᠦᠳ ᠠᠵᠢᠯᠯᠠᠭ᠎ᠠ ᠳᠤ ᠣᠷᠣᠯᠴᠠᠪᠠ᠃ᠸᠧᠢ ᠱᠣ᠋ ᠹᠧᠢ ᠶᠣᠰᠣᠯᠠᠯ ᠳᠡᠭᠡᠷ᠎ᠡ᠂ ᠲᠡᠤᠬᠡᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠵᠠᠭᠠᠯᠳᠤᠯᠭ᠎ᠠ ᠰᠤᠷᠳᠠᠯ ᠤᠬᠠᠭᠤᠯᠭ᠎ᠠ ᠶᠢᠨ ᠠᠩᠭᠢ ᠪᠠᠶᠢᠭᠤᠯᠬᠤ ᠵᠢᠴᠢ ᠨᠡᠶᠢᠲᠡ ᠶᠢᠨ ᠠᠰᠠᠷᠠᠮᠵᠢ ᠶᠢᠨ ᠰᠠᠬᠢᠨ ᠬᠠᠮᠠᠭᠠᠯᠠᠭᠴᠢ ᠶᠢ ᠤᠷᠢᠨ ᠲᠣᠮᠢᠯᠠᠬᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠡᠤᠬᠡᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠵᠠᠭᠠᠯᠳᠤᠯᠭ᠎ᠠ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠲᠤᠬᠠᠢ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠡᠷᠡ ᠬᠦᠰᠡᠬᠦ ᠨᠢ ᠨᠡᠶᠢᠲᠡ ᠶᠢᠨ ᠠᠰᠠᠷᠠᠮᠵᠢ ᠶᠢᠨ ᠵᠠᠷᠭᠤ ᠵᠠᠭᠠᠯᠳᠤᠯᠭ᠎ᠠ ᠰᠤᠷᠳᠠᠯ ᠤᠬᠠᠭᠤᠯᠭ᠎ᠠ ᠶᠢᠨ ᠠᠩᠭᠢ ᠶᠢᠨ ᠭᠡᠰᠢᠬᠦᠳ ᠰᠢ ᠶᠢᠨ ᠫᠢᠩ ᠶᠡᠷᠦᠩᠬᠡᠢ ᠱᠦᠵᠢ ᠶᠢᠨ ᠲᠡᠤᠬᠡᠨ ᠳᠤᠷᠠᠰᠬᠠᠯᠲᠤ ᠵᠦᠢᠯᠡᠰ ᠪᠣᠯᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠬᠢᠨ ᠬᠠᠮᠠᠭᠠᠯᠠᠬᠤ ᠠᠵᠢᠯ ᠢ ᠦᠷᠭᠦᠯᠵᠢᠯᠡᠨ ᠭᠦᠨᠵᠡᠭᠡᠢ ᠪᠣᠳᠠᠲᠠᠢ ᠬᠢᠵᠦ᠂ ᠪᠠᠶᠢᠴᠠᠭᠠᠯᠳᠠ ᠬᠠᠮᠠᠭᠠᠯᠠᠯᠳᠠ ᠪᠠᠨ ᠴᠢᠩᠭᠠᠳᠬᠠᠨ᠂ ᠡᠪᠳᠡᠵᠦ ᠬᠤᠬᠢᠷᠠᠭᠤᠯᠤᠭᠰᠠᠨ ᠬᠡᠷᠡᠭ ᠢ ᠢᠳᠡᠪᠬᠢᠲᠡᠢ ᠢᠯᠡᠴᠢᠯᠡᠨ ᠮᠡᠳᠡᠭᠦᠯᠵᠦ᠂ ᠲᠡᠤᠬᠡᠨ ᠳᠤᠷᠠᠰᠬᠠᠯᠲᠤ ᠵᠦᠢᠯᠡᠰ ᠤᠨ ᠲᠤᠬᠠᠢ ᠦᠯᠢᠭᠡᠷ ᠢ ᠰᠠᠶᠢᠲᠤᠷ ᠶᠠᠷᠢᠵᠤ᠂ ᠤᠯᠠᠨ ᠲᠦᠮᠡᠨ ᠤ ᠲᠡᠤᠬᠡᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠬᠡᠷᠡᠭᠲᠡᠢ ᠭᠡᠪᠡ᠃      ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠲᠡᠤᠬᠡᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠩᠭᠢ ᠨᠢ 2011 ᠣᠨ ᠳᠤ ᠪᠠᠶᠢᠭᠤᠯᠤᠭᠳᠠᠵᠦ᠂ ᠮᠠᠯᠴᠢᠨ ᠲᠠᠷᠢᠶᠠᠴᠢᠳ ᠤᠨ ᠰᠠᠶᠢᠨ ᠳᠤᠷᠠᠴᠤᠤᠯ ᠢᠶᠠᠷ ᠪᠦᠷᠢᠯᠳᠦᠭᠰᠡᠨ ᠡᠩᠨᠡᠭᠡ ᠪᠤᠯᠤᠨ᠎ᠠ᠃ ᠤᠷᠲᠦ ᠬᠤᠭᠤᠴᠠᠭᠠᠨ ᠤ ᠲᠤᠷᠰᠢ ᠲᠡᠤᠬᠡᠨ ᠲᠤᠷᠠᠰᠬᠠᠯᠲᠦ ᠵᠤᠶᠢᠯᠡᠰ ᠢ ᠬᠠᠮᠠᠭᠠᠯᠠᠨ ᠤᠯᠠᠮᠵᠢᠯᠠᠬᠤ ᠪᠠᠷ ᠬᠦᠴᠦᠯᠡᠨ ᠴᠢᠷᠮᠠᠶᠢᠵᠦ᠂ ᠬᠡᠭᠡᠷ᠎ᠡ ᠶᠢᠨ ᠲᠡᠤᠬᠡᠨ ᠳᠤᠷᠠᠰᠬᠠᠯᠲᠤ ᠵᠦᠢᠯᠡᠰ ᠢ ᠲᠣᠭᠤᠷᠢᠨ ᠪᠠᠶᠢᠴᠠᠭᠠᠬᠤ᠂ ᠬᠠᠮᠠᠭᠠᠯᠠᠬᠤ᠂ ᠬᠠᠮᠢᠶᠠᠷᠬᠤ ᠵᠡᠷᠭᠡ ᠲᠠᠯ᠎ᠠ ᠪᠠᠷ ᠴᠥᠮ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠲᠡᠤᠬᠡᠨ ᠳᠤᠷᠠᠰᠬᠠᠯᠲᠤ ᠵᠤᠶᠢᠯᠡᠰ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠵᠠᠭᠠᠯᠳᠤᠯᠭ᠎ᠠ ᠰᠤᠷᠳᠠᠯ ᠤᠬᠠᠭᠤᠯᠭ᠎ᠠ ᠶᠢᠨ ᠡᠩᠨᠡᠭᠡ ᠶᠢ ᠪᠠᠶᠢᠭᠤᠯᠤᠭᠰᠠᠨ ᠨᠢ ᠮᠠᠨ ᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠢᠭᠡᠳ ᠬᠤᠰᠢᠭᠤ ᠰᠣᠶᠣᠯ ᠲᠠᠮᠢᠷ ᠤᠨ ᠲᠤᠪᠴᠢᠶᠠᠨ ᠤ ᠬᠠᠮᠲᠤᠷᠠᠯᠴᠠᠭᠠᠨ ᠤ ᠬᠥᠭᠦᠷᠭᠡ ᠬᠤᠯᠪᠤᠭᠠᠰᠦ ᠶᠢ ᠪᠠᠶᠢᠭᠤᠯᠤᠭᠰᠠᠨ ᠶᠠᠪᠤᠳᠠᠯ ᠪᠤᠯᠤᠨ᠎ᠠ᠃ ᠠᠵᠢᠯᠯᠠᠭᠠᠨ ᠳᠤᠮᠳᠠ ᠪᠠᠰᠠ ᠨᠡᠶᠢᠲᠡ ᠶᠢᠨ ᠠᠰᠠᠷᠠᠮᠵᠢ ᠶᠢᠨ ᠵᠠᠷᠭᠤ ᠵᠠᠭᠠᠯᠳᠤᠯᠭ᠎ᠠ ᠶᠢᠨ ᠬᠠᠮᠢᠶ᠎ᠠ ᠪᠦᠬᠦᠢ ᠮᠡᠳᠡᠯᠭᠡ ᠶᠢᠨ ᠪᠣᠯᠪᠠᠰᠤᠷᠠᠯ ᠵᠢᠴᠢ ᠲᠡᠤᠬᠡᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ ᠮᠡᠳᠡᠯᠭᠡ᠂ ᠦᠨᠳᠦᠰᠦᠲᠡᠨ ᠤ ᠪᠦᠯᠬᠦᠮᠳᠡᠯ ᠵᠡᠷᠭᠡ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠪᠡ᠃ ᠳᠠᠷᠠᠭᠠᠴᠢ ᠶᠢᠨ ᠠᠯᠬᠤᠮ ᠳᠤ᠂ ᠪᠠᠶᠢᠴᠠᠭᠠᠬᠤ ᠪᠠᠶᠢᠭᠤᠯᠭ᠎ᠠ ᠨᠢ ᠲᠡᠤᠬᠡᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠵᠠᠭᠠᠯᠳᠤᠯᠭ᠎ᠠ ᠰᠤᠷᠳᠠᠯ ᠤᠬᠠᠭᠤᠯᠭ᠎ᠠ ᠶᠢᠨ ᠠᠩᠬᠢ ᠲᠠᠢ ᠭᠠᠷ ᠬᠤᠯᠪᠣᠯᠴᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠡᠤᠬᠡᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠬᠤ ᠪᠠ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ᠂ ᠬᠠᠤᠯᠢ ᠶᠣᠰᠣᠭᠠᠷ ᠬᠠᠮᠠᠭᠠᠯᠠᠬᠤ᠂ ᠬᠠᠮᠵᠢᠯᠴᠠᠨ ᠬᠠᠮᠠᠭᠠᠯᠠᠬᠤ ᠦᠢᠯᠡᠳᠦᠯ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠪᠠᠲᠤ ᠴᠢᠩᠭ᠎ᠠ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号