ᠠᠪᠤᠷᠠᠭᠳᠠᠭᠰᠠᠨ ᠬᠤᠨ ᠡᠬᠡ ᠪᠠᠶᠢᠭᠠᠯᠢ ᠳᠤ ᠪᠠᠨ ᠪᠤᠴᠠᠯ᠎ᠠ
ᠨᠡᠶᠢᠲᠡᠯᠡᠭᠰᠡᠨ ᠴᠠᠭ᠄
2024/5/18
     ᠤᠶᠢᠷ᠎ᠠ ᠶᠢᠨ ᠡᠳᠦᠷ᠂ ᠬᠤᠰᠢᠭᠤ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ ᠠᠮᠢ ᠠᠬᠤᠢ ᠤᠷᠴᠢᠨ ᠳᠤᠭᠤᠷᠢᠨ ᠪᠠ ᠢᠳᠡᠭᠡᠨ ᠤᠮᠳᠠᠭᠠᠨ ᠡᠮ ᠤᠨ ᠵᠦᠢᠯᠡᠰ ᠤᠨ ᠲᠠᠩᠨᠠᠨ ᠪᠠᠶᠢᠴᠠᠭᠠᠬᠤ ᠶᠡᠭᠡ ᠠᠩᠭᠢ ᠠᠪᠤᠷᠠᠨ ᠳᠡᠩᠭᠡᠷᠡᠬᠦᠯᠦᠭᠰᠡᠨ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠬᠤᠨ ᠭᠠᠯᠠᠭᠤ ᠶᠢ ᠡᠬᠡ ᠪᠠᠶᠢᠭᠠᠯᠢ ᠳᠤ ᠨᠢ ᠪᠤᠴᠠᠭᠠᠯ᠎ᠠ᠃      ᠵᠢᠬᠦᠷ ᠢᠶᠠᠨ ᠳᠡᠪᠢᠨ ᠳᠡᠪᠳᠡᠷᠢᠬᠦ ᠦᠵᠡᠰᠬᠦᠯᠡᠩᠳᠦ ᠡᠨᠡ ᠬᠤᠨ ᠪᠤᠯ ᠨᠢᠭᠡ ᠰᠠᠷ᠎ᠠ ᠶᠢᠨ ᠡᠮᠦᠨ᠎ᠡ᠂ ᠰᠠᠩᠪᠤᠯᠠᠭ ᠰᠤᠮᠤᠨ ᠤ ᠨᠢᠬᠡᠨ ᠮᠠᠯᠴᠢᠨ ᠤ ᠬᠤᠰᠢᠭᠤ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ ᠠᠮᠢ ᠠᠬᠤᠢ ᠤᠷᠴᠢᠨ ᠳᠤᠭᠤᠷᠢᠨ ᠪᠠ ᠢᠳᠡᠭᠡᠨ ᠤᠮᠳᠠᠭᠠᠨ ᠡᠮ ᠤᠨ ᠵᠦᠢᠯᠡᠰ ᠤᠨ ᠲᠠᠩᠨᠠᠨ ᠪᠠᠶᠢᠴᠠᠭᠠᠬᠤ ᠶᠡᠭᠡ ᠠᠩᠭᠢ ᠶᠢᠨ ᠭᠡᠭᠡᠷ᠎ᠡ ᠶᠢᠨ ᠠᠮᠢᠳᠠᠨ ᠢ ᠠᠪᠤᠷᠠᠨ ᠬᠠᠮᠠᠭᠠᠯᠠᠬᠤ ᠦᠷᠳᠡᠭᠡᠨ ᠳᠤ ᠬᠦᠷᠭᠡᠵᠦ ᠢᠷᠡᠭᠰᠡᠨ ᠰᠢᠷᠬᠠᠳᠤᠭᠰᠠᠨ ᠬᠤᠨ ᠭᠠᠯᠠᠭᠤ ᠶᠤᠮ᠃      ᠭᠡᠭᠡᠷ᠎ᠡ ᠶᠢᠨ ᠠᠮᠢᠳᠠᠨ ᠢ ᠠᠪᠤᠷᠠᠨ ᠬᠠᠮᠠᠭᠠᠯᠠᠬᠤ ᠦᠷᠳᠡᠭᠡᠨ ᠳᠤ ᠰᠠᠷ᠎ᠠ ᠢᠯᠡᠬᠦᠦ ᠬᠠᠮᠠᠭᠠᠯᠠᠵᠤ  ᠠᠷᠠᠴᠢᠯᠠᠨ ᠪᠦᠷᠢᠨ ᠳᠡᠩᠭᠡᠷᠡᠬᠦᠯᠦᠭᠰᠡᠨ ᠬᠤᠨ ᠭᠠᠯᠠᠭᠤ ᠶᠢ ᠠᠷᠠᠳ ᠤᠨ ᠴᠠᠭᠳᠠᠭ᠎ᠠ ᠨᠠᠷ ᠬᠢᠴᠢᠶᠡᠮᠵᠢᠳᠡᠶᠢᠬᠡᠨ ᠰᠢᠩᠭᠡᠯᠢᠭ ᠲᠤ ᠬᠢᠵᠦ᠂ ᠰᠠᠩᠪᠤᠯᠠᠭ ᠤᠰᠤᠨ ᠴᠦᠬᠦᠷᠦᠮ ᠳᠤ ᠠᠪᠠᠴᠢᠨ᠂ ᠴᠡᠩᠭᠡᠭ ᠨᠠᠭᠤᠷ ᠲᠤ ᠨᠢ ᠪᠤᠴᠠᠭᠠᠵᠤ᠂ ᠴᠡᠯᠡᠮᠡᠭ ᠳᠡᠭᠷᠢ  ᠳᠤ ᠨᠢ ᠨᠢᠰᠭᠡᠯ᠎ᠡ᠃      ᠬᠤᠰᠢᠭᠤ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ ᠠᠮᠢ ᠠᠬᠤᠢ ᠤᠷᠴᠢᠨ ᠳᠤᠭᠤᠷᠢᠨ ᠪᠠ ᠢᠳᠡᠭᠡᠨ ᠤᠮᠳᠠᠭᠠᠨ ᠡᠮ ᠤᠨ ᠵᠦᠢᠯᠡᠰ ᠤᠨ ᠲᠠᠩᠨᠠᠨ ᠪᠠᠶᠢᠴᠠᠭᠠᠬᠤ ᠶᠡᠭᠡ ᠠᠩᠭᠢ ᠪᠠᠰᠠ ᠬᠤᠨ ᠭᠠᠯᠠᠭᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ ᠤᠬᠠᠭᠤᠯᠭ᠎ᠠ ᠶᠢᠨ ᠪᠤᠯᠤᠩ ᠡᠪᠳᠡᠷᠡᠭᠰᠡᠨ ᠡᠰᠡᠬᠦ  ᠶᠢ ᠪᠠᠶᠢᠴᠠᠭᠠᠭᠰᠠᠨ ᠪᠠᠶᠢᠳᠠᠯ ᠳᠣᠤᠷ᠎ᠠ ᠪᠠᠰᠠ ᠤᠬᠠᠭᠤᠯᠭ᠎ᠠ ᠶᠢᠨ ᠬᠠᠭᠤᠳᠠᠰᠤ ᠨᠠᠭᠠᠵᠤ᠂ ᠠᠷᠠᠳ ᠤᠯᠠᠨ ᠤ ᠪᠠᠶᠢᠭᠠᠯᠠᠢ ᠤᠷᠴᠢᠨ᠂ ᠠᠮᠢᠳᠠᠨ ᠭᠤᠤᠯᠳᠠᠨ ᠢ ᠬᠠᠮᠠᠭᠠᠯᠠᠬᠤ ᠤᠬᠠᠮᠰᠠᠷ ᠢ ᠦᠨᠡᠨ ᠬᠦ ᠳᠡᠭᠡᠭᠰᠢᠯᠡᠬᠦᠯᠵᠦ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号