︽ᠬᠠᠮᠤᠭ ᠭᠤᠶᠣ ᠬᠡᠷ ᠪᠦᠯᠢ ᠶᠢᠨ ᠬᠦᠴᠦᠨ ᠢ ᠨᠢᠭᠲᠠᠷᠠᠭᠤᠯᠵᠤ ᠪᠣᠯᠪᠠᠰᠤᠨ ᠰᠢᠨ᠎ᠡ ᠬᠡᠪ ᠰᠤᠷᠲᠠᠯ ᠢ ᠮᠠᠨᠳᠤᠭᠤᠯᠬᠤ︾ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠤᠯ ᠰᠡᠳᠦᠪᠲᠦ ᠬᠡᠷ ᠪᠦᠯᠢ ᠶᠢᠨ ᠦᠶᠯᠡᠳᠦᠯᠭᠡ ᠶᠢᠨ ᠠᠵᠢᠯᠯᠠᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2024/5/18
     5 ᠰᠠᠷ᠎ᠠ ᠶᠢᠨ 18 ᠤ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠣᠶᠤᠨ ᠤ ᠪᠣᠯᠪᠠᠰᠤᠨ ᠤ ᠠᠯᠪᠠᠨ ᠬᠡᠷ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ  ᠤ ᠬᠤᠯᠪᠣᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ᠬᠠᠮᠲᠤᠷᠠᠨ ︽ᠬᠠᠮᠤᠭ ᠭᠤᠶᠣ ᠬᠡᠷ ᠪᠦᠯᠢ ᠶᠢᠨ ᠬᠦᠴᠦᠨ ᠢ ᠨᠢᠭᠲᠠᠷᠠᠭᠤᠯᠵᠤ ᠪᠣᠯᠪᠠᠰᠤᠨ ᠰᠢᠨ᠎ᠡ ᠬᠡᠪ ᠰᠤᠷᠲᠠᠯ ᠢ ᠮᠠᠨᠳᠤᠭᠤᠯᠬᠤ︾ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠤᠯ ᠰᠡᠳᠦᠪᠲᠦ ᠬᠡᠷ ᠪᠦᠯᠢ ᠶᠢᠨ ᠦᠶᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠪᠥᠬᠦ ᠬᠤᠰᠢᠭᠤᠨ ᠤ ᠡᠯ᠎ᠡ ᠱᠠᠲᠤᠨ ᠤ ︽ᠪᠣᠯᠪᠠᠰᠤᠨ ᠬᠡᠷ ᠪᠦᠯᠢ︾᠂ ︽ᠬᠠᠮᠤᠭ ᠭᠤᠶᠣ ᠬᠡᠷ ᠪᠦᠯᠢ︾ ᠶᠢᠨ ᠲᠥᠯᠥᠭᠡᠯᠡᠭᠴᠢ ᠠᠵᠢᠯᠯᠠᠭ᠎ᠠ ᠳᠤ ᠤᠷᠤᠯᠴᠠᠵᠠᠢ᠃      ᠠᠵᠢᠯᠯᠠᠭᠠᠨ ᠤ ᠲᠤᠬᠠᠶ ᠶᠢᠨ ᠲᠠᠯᠠᠪᠠᠶ ᠳᠤ᠂ ︽ᠪᠣᠯᠪᠠᠰᠤᠨ ᠬᠡᠷ ᠪᠦᠯᠢ︾᠂ ︽ᠬᠠᠮᠤᠭ ᠭᠤᠶᠣ ᠬᠡᠷ ᠪᠦᠯᠢ︾ ᠶᠢᠨ ᠲᠥᠯᠥᠭᠡᠯᠡᠭᠴᠢᠳ ᠲᠠᠶᠢᠰᠠᠨ ᠳᠤ ᠭᠠᠷᠴᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠶᠢᠨ ᠲᠤᠬᠠᠶ ᠡᠩ  ᠤᠨ ᠴᠠᠭ ᠤᠨ ᠦᠢᠯᠡᠳᠦᠯᠬᠡ ᠲᠠᠢ ᠪᠠᠨ ᠤᠶᠠᠯᠳᠤᠭᠤᠯᠤᠨ ᠣᠶᠢᠯᠠᠭᠠᠯᠲᠠ ᠲᠦᠷᠦᠭᠳᠡᠯ ᠢᠶᠠᠨ ᠬᠤᠪᠢᠶᠠᠯᠴᠠᠪᠠ᠃      ᠮᠠᠨ ᠤ ᠬᠤᠰᠢᠭᠤ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠬᠢᠯᠢ ᠶᠢᠨ ᠬᠤᠰᠢᠭᠤ ᠪᠣᠯᠤᠭᠰᠠᠨ ᠤ ᠬᠤᠪᠢ ᠳᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠢᠮᠠᠭᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠡᠷᠢᠭᠦᠨ ᠴᠢᠬᠤᠯᠠ ᠦᠶᠯᠡᠳᠦᠯᠭᠡ ᠶᠢᠨ ᠠᠴᠢᠶᠠᠯᠠᠪᠤᠷᠢ ᠪᠤᠯᠭᠠᠵᠤ᠂ 2024 ᠣᠨ ᠤ 1 ᠰᠠᠷ᠎ᠠ ᠳᠤ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠤᠯᠭᠤᠭᠰᠠᠨ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢᠨ ᠢᠷᠠᠭᠤ ᠠᠯᠳᠠᠷ ᠢ ᠬᠦᠷᠳᠡᠭᠰᠡᠨ ᠶᠤᠮ᠃ ᠠᠵᠢᠯᠯᠠᠭᠠᠨ ᠤ ᠠᠬᠤᠶ ᠲᠠᠯᠠᠪᠠᠶ ᠳᠤ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠤᠷᠠᠨ ᠪᠢᠴᠢᠯᠭᠡᠲᠡᠨ ᠤ ᠨᠡᠶᠢᠭᠡᠮᠯᠢᠭ ᠤᠨ ᠤᠷᠠᠨ ᠪᠢᠴᠢᠯᠭᠡᠳᠡᠨ᠂ ᠵᠢᠷᠤᠭᠴᠢᠳ ᠠᠴᠠ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠳᠦ ᠤᠷᠠᠨ ᠪᠢᠴᠢᠯᠬᠡ ᠤᠷᠠᠨ ᠵᠢᠷᠤᠭ ᠤᠨ ᠪᠦᠲᠦᠭᠡᠯ ᠢᠶᠠᠨ ᠠᠪᠴᠢᠷᠠᠨ᠂ ᠬᠡᠷ ᠤᠨ ᠠᠬᠠᠮᠠᠳ ᠨᠠᠷ ᠲᠤᠬᠠᠶ ᠶᠢᠨ ᠲᠠᠯᠠᠪᠠᠶ  ᠳᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠪᠠ ︽ᠰᠠᠶᠢᠨ ᠰᠠᠶᠢᠬᠠᠨ ᠬᠡᠷ ᠤᠨ ᠰᠤᠷᠲᠠᠯ︾ ᠤᠨ ᠳᠤᠬᠠᠢ ᠰᠤᠷᠭᠠᠯ ᠦᠬᠡ ᠶᠢ ᠬᠠᠭᠤᠯᠤᠨ ᠪᠢᠴᠢᠵᠦ᠂ ᠬᠡᠦᠭᠡᠳ ᠤᠳ ᠳᠤᠮᠳᠠᠳᠤ ᠶᠢᠨ ᠡᠯ᠎ᠡ ᠦᠨᠳᠦᠰᠦᠳᠡᠨ ᠤ ᠬᠤᠪᠴᠠᠰᠤ ᠵᠠᠰᠠᠯ ᠤᠨ ᠵᠢᠷᠤᠭ ᠲᠤ ᠪᠤᠳᠤᠭ ᠤᠷᠤᠭᠤᠯᠵᠤ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠲᠥᠪ ᠤᠨ ᠠᠵᠢᠯᠲᠠᠨ ᠪᠠᠰᠠ ᠠᠵᠢᠯᠯᠠᠭᠠᠨ ᠤ ᠵᠠᠪᠰᠠᠷ ᠲᠤ ︽ᠦᠨᠳᠦᠰᠦᠲᠡᠨ ᠤ ᠪᠦᠯᠬᠦᠮᠳᠡᠯ︾ ᠤᠨ ᠥᠯᠢᠭᠡᠷ᠂ ᠶᠡᠷᠦ ᠶᠢᠨ ᠮᠡᠳᠡᠯᠭᠡ ᠶᠢ ᠶᠠᠷᠢᠵᠤ ᠦᠭᠭᠦᠨ᠂ ᠬᠡᠦᠭᠡᠳ ᠪᠠᠭᠠᠴᠤᠳ ᠲᠤ ᠳᠤᠮᠳᠠᠳᠤ ᠶᠢᠨ ᠦᠨᠳᠦᠰᠦᠳᠡᠨ ᠤ ᠬᠠᠮᠳᠤ  ᠶᠢᠨ ᠴᠤᠭᠴᠠ ᠶᠢᠨ ᠤᠬᠠᠮᠰᠠᠷ ᠢ ᠬᠠᠷᠠᠬᠠᠨ ᠪᠠᠭ᠎ᠠ ᠠᠴᠠ ᠨᠢ ᠪᠤᠢ ᠪᠤᠯᠭᠠᠵᠤ᠂ ᠠᠵᠢᠯᠯᠠᠭᠠᠨ ᠤ ᠠᠬᠤᠢ ᠳᠠᠯᠠᠪᠠᠢ ᠳᠤ ᠪᠠᠶᠠᠷ ᠬᠦᠷ ᠡᠶ᠎ᠡ ᠨᠠᠶᠢᠷᠠᠮᠳᠠᠭᠤ ᠠᠭᠤᠷ ᠠᠮᠢᠰᠬᠤᠯ ᠪᠢᠯᠬᠠᠮ᠎ᠠ ᠪᠠᠶᠢᠯ᠎ᠠ᠃      ᠭᠡᠷ ᠪᠦᠯᠢ ᠪᠣᠯ ᠤᠯᠤᠰ ᠣᠷᠣᠨ ᠤ ᠬᠥᠭᠵᠢᠯᠲᠡ᠂ ᠦᠨᠳᠦᠰᠦᠲᠡᠨ ᠤ ᠳᠠᠪᠰᠢᠯᠲᠠ᠂ ᠨᠡᠶᠢᠭᠡᠮ ᠤᠨ ᠡᠶ᠎ᠡ ᠵᠣᠬᠢᠴᠠᠯ ᠤᠨ ᠴᠢᠬᠤᠯᠠ ᠰᠠᠭᠤᠷᠢ ᠮᠥᠨ᠃ ᠬᠤᠶᠢᠰᠢᠳᠠ᠂ ᠮᠠᠨ ᠤ ᠬᠤᠰᠢᠭᠤ ᠰᠢᠨᠵᠢᠯᠡᠬᠦ ᠤᠬᠠᠭᠠᠨᠴᠢ᠂ ᠪᠣᠯᠪᠠᠰᠤᠨ ᠂ ᠡᠷᠡᠭᠦᠯ ᠰᠠᠷᠠᠭᠤᠯ ᠬᠡᠷ ᠪᠦᠯᠢ ᠶᠢᠨ ᠠᠮᠢᠳᠤᠷᠠᠯ ᠤᠨ ᠠᠷᠭ᠎ᠠ ᠬᠡᠯᠪᠡᠷᠢ ᠶᠢ ᠦᠷᠭᠦᠯᠵᠢᠯᠡᠨ ᠰᠠᠨᠠᠭᠠᠴᠢᠯᠠᠵᠤ᠂ ᠥᠷᠭᠡᠨ ᠣᠯᠠᠨ ᠬᠡᠷ ᠪᠦᠯᠢ ᠶᠢ ᠬᠥᠲᠥᠯᠥᠨ ᠳᠠᠭᠠᠭᠤᠯᠵᠤ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠦᠶᠯᠡᠳᠦᠯᠭᠡᠵᠢᠭᠦᠯᠵᠦ᠂ ᠵᠥᠪ ᠣᠨᠣᠪᠴᠢᠲᠠᠶ ᠣᠷᠤᠭ ᠬᠡᠷ ᠪᠦᠯᠢ ᠶᠢᠨ ᠦᠵᠡᠯᠲᠡ ᠶᠢ ᠪᠣᠶ ᠪᠣᠯᠭᠠᠵᠤ᠂ ︽ᠬᠠᠮᠤᠭ ᠭᠤᠶᠣ︾ ᠬᠡᠷ ᠪᠦᠯᠢ᠂ ︽ᠪᠣᠯᠪᠠᠰᠤᠨ︾ ᠬᠡᠷ ᠪᠦᠯᠢ ᠶᠢ ᠴᠢᠷᠮᠠᠶᠢᠨ ᠴᠤᠭᠴᠠᠯᠠᠵᠤ᠂ ᠰᠠᠶᠢᠨ ᠰᠠᠶᠢᠬᠠᠨ ᠭᠡᠷ ᠤᠨ ᠰᠤᠷᠲᠠᠯ ᠢᠶᠠᠷ ᠥᠭᠡᠳᠡᠷᠬᠡᠭ ᠴᠠᠶᠢᠯᠭᠠᠨ ᠵᠠᠰᠠᠭ ᠤᠨ ᠰᠤᠷᠲᠠᠯ ᠠᠷᠠᠳ ᠤᠨ ᠰᠤᠷᠲᠠᠯ ᠢ ᠬᠠᠳᠠᠭᠠᠯᠠᠵᠤ ︽ᠦᠨᠡᠨᠴᠢ ᠢᠲᠡᠭᠡᠮᠵᠢ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ ᠡᠯ᠎ᠡ ᠱᠠᠳᠤᠨ ᠤ ᠡᠯ᠎ᠡ ᠰᠠᠯᠠᠭ᠎ᠠ ᠮᠥᠴᠢᠷ ᠤᠨ ᠬᠢᠨ ᠬᠠᠮᠳᠤᠷᠠᠨ ᠬᠥᠳᠡᠯᠦᠯᠴᠡᠵᠦ᠂ ᠬᠡᠷ ᠤᠨ ᠰᠤᠷᠲᠠᠯ ᠬᠡᠷ ᠤᠨ ᠰᠤᠷᠭᠠᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠬᠠᠮᠵᠢᠯᠴᠠᠨ ᠰᠠᠶᠢᠲᠤᠷ ᠥᠷᠨᠢᠭᠦᠯᠵᠦ᠂ ︽ᠬᠠᠮᠤᠭ ᠭᠤᠶᠣ︾ ᠬᠡᠷ  ᠤᠨ ᠰᠤᠷᠲᠠᠯ ᠢ ᠤᠯᠠᠮᠵᠢᠯᠠᠨ᠂ ᠨᠠᠮ ᠢᠶᠠᠨ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠦᠵᠡᠭᠦᠯᠬᠦ ᠴᠤᠭ ᠰᠦᠯᠳᠡ ᠪᠠᠨ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ  ᠤᠨ ᠤᠳᠤᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃      ᠠᠵᠢᠯᠯᠠᠭᠠᠨ ᠤ ᠲᠤᠬᠠᠢ ᠶᠢᠨ ᠲᠠᠯᠠᠪᠠᠢ ᠳᠤ ᠪᠠᠰᠠ ᠠᠵᠢᠯᠯᠠᠭ᠎ᠠ ᠳᠤ ᠤᠷᠤᠯᠴᠠᠭᠰᠠᠳ ᠲᠤ ᠭᠤᠶᠢᠳᠠ ᠰᠠᠶᠢᠬᠠᠨ ᠪᠡᠯᠡᠭ ᠭᠠᠷᠳᠠᠭᠤᠯᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号