ᠮᠠᠨ ᠤ ᠬᠤᠰᠢᠭᠤ ᠭᠤᠷᠪᠠᠳᠤᠭᠠᠷ ᠬᠤᠭᠤᠴᠠᠭᠠᠨ ᠤ ︽ᠲᠡᠦᠬᠡ ᠶᠢᠨ ᠳᠤᠷᠠᠰᠬᠠᠯᠲᠤ ᠵᠦᠶᠯᠡᠰ ᠢ ᠠᠮᠢᠯᠠᠭᠤᠯᠤᠶ᠎ᠠ︾ ᠨᠡᠶᠢᠲᠡ ᠶᠢᠨ ᠦᠢᠯᠡᠴᠢᠯᠡᠬᠡᠨ ᠤ ᠬᠢᠴᠢᠶᠡᠯᠯᠡᠭᠡ ᠡᠷᠬᠢᠯᠡᠭᠰᠡᠨ
ᠨᠡᠶᠢᠲᠡᠯᠡᠭᠰᠡᠨ ᠴᠠᠭ᠄
2024/5/18
     ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠲᠡᠦᠬᠡ ᠶᠢᠨ ᠳᠤᠷᠠᠰᠬᠠᠯᠲᠤ ᠵᠦᠶᠯᠡᠰ ᠪᠠ ᠰᠣᠶᠣᠯ ᠤᠨ ᠥᠪ ᠢ ᠬᠠᠮᠠᠭᠠᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠮᠠᠨ ᠤ ᠬᠤᠰᠢᠭᠤ ᠭᠤᠷᠪᠠᠳᠤᠭᠠᠷ ᠬᠤᠭᠤᠴᠠᠭᠠᠨ ᠤ ︽ᠲᠡᠦᠬᠡ ᠶᠢᠨ ᠳᠤᠷᠠᠰᠬᠠᠯᠲᠤ ᠵᠦᠶᠯᠡᠰ ᠢ ᠠᠮᠢᠯᠠᠭᠤᠯᠤᠶ᠎ᠠ︾ ᠨᠡᠶᠢᠲᠡ ᠶᠢᠨ ᠦᠢᠯᠡᠴᠢᠯᠡᠬᠡᠨ ᠤ ᠬᠢᠴᠢᠶᠡᠯᠯᠡᠭᠡ ᠡᠷᠬᠢᠯᠡᠵᠡᠢ᠃      ᠪᠤᠯᠪᠠᠰᠤᠷᠠᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠬᠠᠭᠤᠴᠢ ᠰᠤᠳᠤᠯᠤᠯ ᠤᠨ ᠬᠦᠷᠢᠶᠡᠯᠡᠩ ᠤᠨ ᠦᠨᠳᠦᠰᠦᠨ ᠪᠥᠲᠥᠭᠡᠨ ᠪᠠᠶᠢᠭᠤᠯᠤᠯᠲᠠ ᠬᠠᠭᠤᠴᠢ ᠰᠤᠳᠤᠯᠤᠯ  ᠤᠨ ᠰᠢᠨᠵᠢᠯᠡᠬᠦ ᠤᠬᠠᠭᠠᠨ ᠤ ᠣᠷᠳᠣᠨ ᠤ ᠠᠵᠢᠯᠲᠠᠨ ᠠᠤᠭ᠎ᠠ ᠵᠢᠴᠢ ᠬᠤᠰᠢᠭᠤ ᠲᠡᠦᠬᠡ ᠶᠢᠨ ᠳᠤᠷᠠᠰᠬᠠᠯᠲᠤ ᠵᠦᠶᠯᠡᠰ  ᠤᠨ ᠬᠠᠮᠠᠭᠠᠯᠠᠯᠲᠠ ᠶᠢᠨ ᠲᠥᠪ ᠤᠨ ᠠᠵᠢᠯᠲᠠᠳ ᠲᠣᠰ ᠲᠣᠰ ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠥᠬᠦᠶ ᠠᠵᠢᠯ︾᠂ ︽ᠪᠥᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠠᠷᠬᠠᠯᠲᠠ ᠶᠢᠨ ᠪᠠᠶᠢᠳᠠᠯ︾᠂ ︽ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮᠵᠢ ᠶᠢᠨ ᠲᠠᠶᠢᠯᠤᠮᠵᠢ︾ ᠪᠠᠷ ᠭᠤᠤᠯ ᠰᠡᠳᠦᠪ ᠪᠣᠯᠭᠠᠨ ᠬᠢᠴᠢᠶᠡᠯᠯᠡᠭᠡ ᠬᠢᠵᠡᠢ᠃      ᠪᠤᠯᠪᠠᠰᠤᠷᠠᠯ ᠳᠤ ᠣᠷᠣᠯᠴᠠᠭᠰᠠᠳ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶ᠎ᠠ ᠪᠦᠬᠦᠢ ᠮᠡᠳᠡᠯᠭᠡ ᠶᠢ ᠰᠤᠷᠤᠯᠴᠠᠨ ᠣᠶᠢᠯᠠᠭᠠᠬᠤ ᠪᠠᠷ ᠳᠠᠮᠵᠢᠨ᠂ ᠬᠤᠶᠢᠰᠢᠳᠠ ᠲᠡᠦᠬᠡ ᠶᠢᠨ ᠳᠤᠷᠠᠰᠬᠠᠯᠲᠤ ᠵᠦᠢᠯᠡᠰ ᠢ ᠢᠳᠡᠪᠬᠢᠲᠡᠢ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠤᠨ ᠤᠯᠠᠮᠵᠢᠯᠠᠯ ᠢ ᠵᠠᠯᠭᠠᠮᠵᠢᠯᠠᠬᠤ ᠳᠤ ᠥᠪᠡᠷ  ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠷᠭᠡᠶᠢᠯᠡᠵᠡᠬᠡᠪᠡ᠃      ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ ᠂ ᠡᠯ᠎ᠡ ᠰᠢᠭᠤᠳ ᠬᠠᠮᠢᠶᠠᠷᠬᠤ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠬᠠᠷᠢᠭᠤᠴᠠᠯᠭᠠᠳᠠᠳ ᠪᠤᠯᠪᠠᠰᠤᠷᠠᠯ ᠳᠤ ᠣᠷᠣᠯᠴᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号