ᠤᠯᠠᠨ ᠰᠠᠯᠠᠭ᠎ᠠ ᠮᠦᠴᠢᠷ ᠬᠠᠮᠳᠤᠷᠠᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠳᠠ  ᠶᠢ ᠴᠢᠩᠭ᠎ᠠ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2024/5/18
     ᠤᠶᠢᠷ᠎ᠠ ᠶᠢᠨ ᠡᠳᠦᠷ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯᠡᠰ ᠤᠨ ᠲᠤᠷᠰᠢᠨ ᠪᠠᠶᠢᠴᠠᠭᠠᠬᠤ ᠶᠡᠭᠡ ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠨᠠᠪᠴᠢᠨ ᠲᠠᠮᠠᠬᠢ ᠶᠢᠨ ᠲᠣᠪᠴᠢᠶ᠎ᠠ ᠵᠡᠷᠭᠡ ᠡᠯ᠎ᠡ ᠰᠠᠯᠠᠭ᠎ᠠ ᠮᠦᠴᠢᠷ ᠤᠨ ᠬᠢᠨ ᠬᠠᠮᠳᠤᠷᠠᠨ᠂ ᠮᠠᠨ ᠤ ᠬᠤᠰᠢᠭᠤᠨ ᠤ ᠡᠯ᠎ᠡ ᠰᠤᠷᠭᠠᠭᠤᠯᠢ ᠴᠡᠴᠡᠷᠯᠢᠭ ᠵᠢᠴᠢ ᠡᠷᠬᠢᠨ ᠲᠣᠭᠤᠷᠢᠨ ᠤ ᠬᠤᠳᠠᠯᠳᠤᠭ᠎ᠠ ᠳᠡᠯᠭᠡᠭᠦᠷ ᠲᠤ ᠲᠤᠰᠬᠠᠢ ᠲᠦᠷᠦᠯ ᠤᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠦᠷᠨᠢᠬᠦᠯᠵᠡᠢ᠃      ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤ ᠬᠤᠶᠠᠳᠤᠭᠠᠷ ᠬᠡᠦᠬᠡᠳ ᠤᠨ ᠴᠡᠴᠡᠷᠯᠢᠭ ᠂ ᠭᠤᠷᠪᠠᠳᠤᠭᠠᠷ ᠳᠤᠮᠳᠠᠳᠤ ᠰᠤᠷᠭᠠᠭᠤᠯᠢ ᠵᠡᠷᠭᠡ ᠰᠤᠷᠭᠠᠭᠤᠯᠢ ᠴᠡᠴᠡᠷᠯᠢᠭ ᠤᠨ ᠬᠤᠭᠤᠯᠠᠨ ᠭᠡᠷ ᠵᠢᠴᠢ ᠡᠷᠬᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠡᠵᠡᠩᠨᠡᠯᠲᠡ ᠶᠢᠨ ᠡᠷᠦᠬᠡ ᠳᠤ ᠪᠠᠶᠢᠴᠠᠭᠠᠯᠲᠠ ᠬᠢᠵᠦ᠂ ᠭᠤᠣᠯᠳᠠᠭᠤ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠤᠭᠤᠯᠠᠨ ᠭᠡᠷ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠡᠷᠬᠢᠨ ᠲᠣᠭᠤᠷᠢᠨ ᠤ ᠬᠤᠳᠠᠯᠳᠤᠭ᠎ᠠ ᠳᠡᠯᠭᠡᠭᠦᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢᠨ ᠲᠣᠭᠤᠷᠢᠨ ᠳᠤ ᠪᠠᠶᠢᠴᠠᠭᠠᠯᠲᠠ ᠦᠷᠨᠢᠬᠦᠯᠵᠡᠢ᠃ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠᠷ ᠳᠠᠮᠵᠢᠨ᠂ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠬᠤᠳᠠᠯᠳᠤᠨ ᠠᠪᠬᠤ ᠭᠡᠷᠡᠴᠢ ᠪᠠᠷᠢᠮᠲᠠ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠲᠠᠯᠠᠪᠤᠷ ᠭᠠᠵᠠᠷ ᠢ ᠠᠷᠢᠭᠤᠳᠬᠠᠬᠤ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠳᠠᠩᠰᠠ ᠡᠪᠬᠡᠮᠡᠯ ᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠤᠳᠠᠯᠳᠤᠭ᠎ᠠ ᠳᠡᠯᠭᠡᠭᠦᠷ᠂ ᠡᠮ ᠤᠨ ᠳᠡᠯᠭᠡᠭᠦᠷ ᠲᠤ ᠬᠤᠳᠠᠯ ᠬᠠᠭᠤᠷᠮᠠᠭ ᠴᠢᠨᠠᠷ ᠮᠠᠭᠤ᠂ ᠬᠤᠭᠤᠴᠠᠭ᠎ᠠ ᠨᠢ ᠦᠩᠭᠡᠷᠡᠭᠰᠡᠨ᠂ ᠴᠢᠨᠠᠷ ᠬᠤᠪᠢᠷᠠᠭᠰᠠᠨ ᠢᠳᠡᠭᠡᠨ ᠪᠠᠶᠢᠬᠤ ᠡᠰᠡᠬᠦ᠂ ᠡᠯᠧᠺᠲᠷᠣᠨ ᠲᠠᠮᠠᠬᠢ ᠪᠣᠷᠣᠯᠠᠭᠤᠯᠤᠭᠰᠠᠨ ᠡᠰᠡᠬᠦ ᠵᠡᠷᠭᠡ ᠪᠠᠶᠢᠳᠠᠯ᠂ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠢ ᠪᠤᠷᠤᠯᠠᠭᠤᠯᠤᠭᠰᠠᠨ ᠪᠤᠶᠤ ᠬᠡᠷᠡᠭᠯᠡᠭᠰᠡᠨ ᠡᠰᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ  ᠶᠢ ᠱᠠᠭᠠᠷᠳᠠᠭᠰᠠᠨ ᠤ ᠬᠠᠮᠳᠤ᠂ ᠢᠯᠡᠷᠡᠬᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠯ ᠪᠠᠭᠤᠯᠭᠠᠵᠠᠢ᠃      ᠳᠤᠰ ᠤᠳᠠᠭᠠᠨ ᠤ ᠲᠤᠰᠬᠠᠢ ᠲᠦᠷᠦᠯ ᠤᠨ ᠬᠠᠤᠯᠢ ᠭᠡᠷᠡᠭᠵᠢᠬᠦᠯᠬᠦ ᠠᠵᠢᠯᠯᠠᠭ᠎ᠠ ᠳᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ᠂ ᠡᠷᠬᠢᠨ ᠲᠣᠭᠤᠷᠢᠨ ᠤ ᠬᠤᠳᠠᠯᠳᠤᠭ᠎ᠠ ᠳᠡᠯᠭᠡᠭᠦᠷ᠂ ᠡᠮ ᠤᠨ ᠳᠡᠯᠭᠡᠭᠦᠷ ᠢ ᠨᠡᠶᠢᠲᠡ 12 ᠳᠠᠯᠠᠪᠤᠷ ᠤᠳᠠᠭ᠎ᠠ ᠪᠠᠶᠢᠴᠠᠭᠠᠵᠤ᠂ ᠲᠤᠬᠠᠢ ᠶᠢᠨ ᠲᠠᠯᠠᠪᠤᠷ ᠲᠤ 6 ᠬᠤᠪᠢ ᠤᠳᠠᠭ᠎ᠠ ᠴᠡᠭᠴᠡᠯᠡᠨ ᠰᠠᠶᠢᠵᠢᠷᠠᠭᠤᠯᠬᠤ ᠰᠠᠨᠠᠯ ᠪᠠᠭᠤᠯᠭᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠵᠢᠴᠢ ᠡᠷᠬᠢᠨ ᠲᠣᠭᠤᠷᠢᠨ ᠤ ᠬᠤᠳᠠᠯᠳᠤᠭ᠎ᠠ ᠳᠡᠯᠭᠡᠭᠦᠷ  ᠲᠠᠬᠢ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠳᠠ ᠶᠢ ᠴᠢᠩᠭᠠᠳᠬᠠᠵᠤ᠂ ᠠᠮᠤᠷ ᠲᠦᠪᠰᠢᠨ᠂ ᠡᠷᠡᠭᠦᠯ ᠡᠩᠬᠡ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠤᠯᠭᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号