ᠬᠡᠷᠬᠢᠨ ᠬᠦᠨᠳᠦ ᠡᠪᠡᠳᠴᠢᠨ ᠤ ᠳᠠᠭᠠᠳᠬᠠᠯ ᠢ ᠳᠠᠩᠰᠠ ᠠᠴᠠ ᠲᠠᠶᠢᠯᠬᠤ ᠪᠤᠢ︖
ᠨᠡᠶᠢᠲᠡᠯᠡᠭᠰᠡᠨ ᠴᠠᠭ᠄
2024/5/20
     ᠲᠦᠭ ᠲᠦᠮᠡᠨ ᠬᠡᠷ ᠪᠦᠯᠢ ᠶᠢ ᠬᠠᠪᠰᠤᠷᠤᠨ ᠡᠪᠡᠳᠴᠢᠨ ᠡᠮᠭᠡᠭ ᠤᠨ ᠡᠮᠴᠢᠯᠡᠭᠡᠨ ᠤ ᠰᠦᠢᠳᠭᠡᠯ  ᠎ ᠤᠨ  ᠵᠠᠷᠤᠯᠭ᠎ᠠ ᠡᠴᠠ‌‍ᠪᠣᠯᠤᠭᠰᠠᠨ ᠠᠵᠤ ᠠᠬᠤᠶ ᠶᠢᠨ  ᠠᠶᠤᠯ  ᠲᠦᠭᠰᠢᠭᠦᠷᠢ ᠶᠢ  ᠠᠷᠭᠠᠴᠠᠬᠤ ᠶᠢᠨ  ᠲᠥᠯᠥᠭᠡ᠂  ᠤᠯᠤᠰ ᠠᠴᠠ  ᠦᠨᠳᠦᠰᠦᠨ  ᠡᠮ‌ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ  ᠡᠮᠨᠡᠯᠭᠡ ᠶᠢᠨ  ᠠᠪᠤᠷᠠᠨ  ᠲᠤᠰᠠᠯᠠᠯᠳᠠ  ᠭᠡᠬᠦ  ᠭᠤᠷᠪᠠᠨ‌ᠵᠦ᠋ᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠡᠮ‌ᠡᠮᠨᠡᠯᠭᠡ ᠶᠢᠨ ᠰᠦᠢᠳᠭᠡᠯ ᠤᠨ  ᠳᠠᠷᠤᠭᠠᠰᠤ ᠶᠢ  ᠱᠠᠲᠤ  ᠳᠠᠷᠠᠭᠠᠯᠠᠨ  ᠬᠥᠩᠭᠡᠷᠡᠭᠦᠯᠪᠡ᠃  ᠡᠭᠦᠨ ᠳᠤ᠂  ᠬᠤᠲᠠ  ᠬᠥᠳᠡᠭᠡ ᠵᠢᠨ‌‍ᠰᠠᠭᠤᠭᠠᠯᠢ ᠠᠷᠠᠳ ᠤᠨ ᠬᠦᠨᠳᠦ ᠡᠪᠡᠳᠴᠢᠨ ᠤ  ᠳᠠᠭᠠᠳᠬᠠᠯ  ︵ᠳᠣᠷᠣᠭᠰᠢ  ︽ᠬᠦᠨᠳᠦ  ᠡᠪᠡᠳᠴᠢᠨ ᠤ  ᠳᠠᠭᠠᠳᠬᠠᠯ︾  ᠭᠡᠵᠦ‌‍ᠲ᠋ᠣᠪᠴᠢᠯᠠᠨ᠎ᠠ︶ ᠪᠣᠯ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢᠨ ᠳᠡᠭᠡᠷ᠎ᠡ᠂ ᠬᠦᠨᠳᠦ  ᠡᠪᠡᠳᠴᠢᠲᠡᠨ ‍ᠤ‌‍ᠶᠡᠭᠡ ᠲᠣᠭᠠᠨ ᠤ ᠡᠮ ᠡᠮᠨᠡᠯᠭᠡ ᠶᠢᠨ  ᠰᠦᠢᠳᠭᠡᠯ ᠤᠨ  ᠲᠦᠷᠢᠮ ᠤᠨ  ᠲᠣᠬᠢᠷᠠᠭᠤᠯᠤᠯᠲᠠ ᠶᠢ  ᠤᠯᠠᠮ  ᠴᠢᠨᠠᠬᠰᠢᠳᠠ  ᠪᠠᠲᠤᠯᠠᠬᠤ‌‍ᠪᠣᠯᠤᠨ᠎ᠠ᠃                ᠬᠦᠨᠳᠦ ᠡᠪᠡᠳᠴᠢᠨ ᠤ ᠳᠠᠭᠠᠳᠬᠠᠯ ᠢ ᠶᠠᠭᠠᠬᠢᠵᠦ ᠭᠤᠶᠤᠴᠢᠯᠠᠬᠤ ᠪᠣᠶ᠂  ᠪᠠᠰᠠ  ᠶᠠᠭᠠᠬᠢᠵᠦ  ᠰᠦᠢᠳᠭᠡᠯ  ᠲᠤᠰᠢᠶᠠᠬᠤ ᠪᠣᠶ︖              ᠲᠦᠷᠢᠮ ᠢ  ᠲᠤᠬᠳᠠᠭᠠᠬᠰᠠᠨ ᠠᠴᠠ  ᠡᠬᠢᠯᠡᠨ᠂  ᠬᠦᠨᠳᠦ  ᠡᠪᠡᠳᠴᠢᠨ ᠤ  ᠳᠠᠭᠠᠳᠬᠠᠯ ᠤᠨ  ᠲᠦᠷᠢᠮ ᠢ   ᠲᠤᠰᠠᠭᠠᠷ‌ᠭᠤᠶᠤᠴᠢᠯᠠᠨ ᠳᠠᠭᠠᠳᠬᠠᠯ ᠳᠤ  ᠣᠷᠣᠬᠤ  ᠴᠢᠬᠤᠯᠠ  ᠥᠬᠡᠶ  ᠪᠣᠯᠵᠣ᠂  ᠪᠣᠶ  ᠪᠥᠬᠦᠶ  ᠰᠦᠢᠳᠭᠡᠯ  ᠎ ᠢ  ᠲᠤᠰᠢᠶᠠᠵᠦ  ᠬᠤᠲᠠ‌‍ᠬᠥ᠋ᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠣᠯᠠᠨ  ᠲᠦᠮᠡᠨ  ᠪᠤᠯ‌‍ᠴᠥ᠋ᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠬᠦᠮᠦᠰ ᠪᠣᠯᠬᠤᠷ ᠲᠤᠰᠠᠭᠠᠷ ᠰᠦᠢᠳᠭᠡᠯ  ᠲᠤᠰᠢᠶᠠᠬᠤ  ᠴᠢᠬᠤᠯᠠ‌ᠥᠬᠡᠶ ᠪᠣᠯᠵᠠᠶ᠃ ᠬᠦᠨᠳᠦ ᠡᠪᠡᠳᠴᠢᠨ ᠤ ᠳᠠᠭᠠᠳᠬᠠᠯ ᠤᠨ  ᠳᠦᠷᠢᠮ ᠢ  2012  ᠣᠨ ᠳᠤ  ᠲᠤᠷᠰᠢᠯᠲᠠ  ᠬᠢᠬᠦ  ᠠᠵᠢᠯ  ᠢ‌ᠡᠭᠢᠯᠡᠬᠦᠯᠵᠦ᠂ 2015 ᠣᠨ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠭᠦᠯᠵᠡᠢ᠃              ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠶᠠᠮᠠᠷᠰᠢᠦ ᠪᠤᠢ︖              ᠣᠳᠣᠬᠠᠨ ᠳᠤ᠂ ᠤᠯᠤᠰ ᠠᠴᠠ ᠲᠣᠭᠲᠠᠭᠠᠭᠰᠠᠨ  ᠬᠦᠨᠳᠦ  ᠡᠪᠡᠳᠴᠢᠨ ᠤ  ᠳᠠᠭᠠᠳᠬᠠᠯ ᠤᠨ  ᠡᠬᠢᠯᠡᠵᠦ  ᠲᠤᠰᠢᠶᠠᠬᠤ‌‍ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠰᠠᠭᠤᠭᠠᠯᠢ ᠠᠷᠠᠳ ᠤᠨ ᠲᠦᠷᠦᠭᠦᠦ  ᠵᠢᠯ ‍ᠤᠨ‌‍ᠬᠥ᠋ᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 %᠎ ᠠᠴᠠ ᠥᠨᠳᠥᠷ ᠪᠠᠶᠢᠯᠭᠠᠵᠤ ᠪᠣᠯᠬᠤ ᠥᠬᠡᠶ᠂ ᠲᠤᠰᠢᠶᠠᠬᠤ‌ᠬᠠᠷᠢᠴᠠᠯ ᠢ 60 %᠎ ᠠᠴᠠ ᠳᠤᠤᠷ᠎ᠠ ᠪᠠᠶᠢᠯᠭᠠᠵᠤ ᠪᠣᠯᠬᠤ ᠥᠬᠡᠶ︔ ᠰᠠᠭᠤᠭᠠᠯᠢ ᠠᠷᠠᠳ ᠤᠨ ᠡᠮ ᠡᠮᠨᠡᠯᠭᠡ ᠶᠢᠨ  ᠳᠠᠭᠠᠳᠬᠠᠯ ᠨᠢ‌ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠤᠰᠢᠶᠠᠬᠤ  ᠬᠢᠵᠠᠭᠠᠷ  ᠲᠤᠭ᠎ᠠ ᠶᠢ  ᠳᠠᠪᠬᠤᠴᠠᠭᠤᠯᠤᠨ  ᠨᠡᠮᠡᠭᠳᠡᠭᠦᠯᠵᠦ᠂ ᠵᠠᠷᠴᠢᠮ  ᠳᠡᠭᠡᠷ᠎ᠡ ᠪᠠᠨ  ᠲᠤᠬᠠᠶ ᠶᠢᠨ  ᠭᠠᠵᠠᠷ ᠤᠨ  ᠰᠠᠭᠤᠭᠠᠯᠢ  ᠠᠷᠠᠳ ᠤᠨ  ᠬᠥᠮᠦᠨ  ᠳᠤᠮᠳᠠᠴᠢ ᠶᠢᠨ  ᠡᠵᠡᠮᠳᠡᠵᠦ  ᠪᠣᠯᠬᠤ‌ᠣᠷᠣᠯᠭ᠎ᠠ ᠶᠢᠨ 6 ᠳᠠᠬᠢᠨ  ᠣᠷᠴᠢᠮ  ᠬᠦᠷᠭᠡᠨ᠎ᠡ᠃  ᠬᠦᠴᠢᠷᠳᠡᠯᠲᠡᠶ  ᠬᠥᠮᠦᠰ ᠲᠤ  ᠴᠢᠭᠯᠡᠭᠦᠯᠦᠨ᠂  ᠤᠯᠤᠰ ᠠᠴᠠ  ᠬᠦᠨᠳᠦ‌ᠡᠪᠡᠳᠴᠢᠨ ᠤ  ᠳᠠᠭᠠᠳᠬᠠᠯ ᠤᠨ  ᠲᠠᠩᠰᠠ  ᠲᠠᠶᠢᠯᠬᠤ  ᠲᠥᠷᠥ ᠶᠢᠨ  ᠪᠣᠳᠣᠯᠭ᠎ᠠ ᠶᠢᠨ  ᠪᠠᠶᠢᠷᠢᠯᠠᠭᠤᠯᠤᠯᠲᠠ ᠶᠢ   ᠦᠷᠭᠦᠯᠵᠢᠯᠡᠨ‌‍ᠲ᠋ᠡᠭᠦᠯᠳᠡᠷᠵᠢᠭᠦᠯᠵᠦ᠂ ᠲᠦᠢᠯ ᠤᠨ  ᠣᠨᠣᠪᠴᠢᠲᠠᠶ ᠪᠠᠷ  ᠬᠠᠷᠠᠭᠠᠯᠵᠠᠯ  ᠦᠵᠡᠭᠦᠯᠦᠨ᠎ᠡ᠃  ᠠᠮᠢᠳᠤᠷᠠᠯ ᠤᠨ  ᠨᠠᠭᠠᠳᠤ  ᠵᠠᠬ᠎ᠠ ᠵᠢᠨ‌‍ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ ᠪᠠ ᠳᠠᠬᠢᠨ ᠶᠠᠳᠠᠭᠤᠷᠠᠭᠰᠠᠨ ᠶᠠᠳᠠᠭᠤ ᠬᠥᠮᠦᠨ  ᠠᠮᠠ ᠶᠢᠨ  ᠬᠦᠨᠳᠦ‌ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ 50 %᠎ ᠪᠠᠷ ᠪᠠᠭᠤᠷᠠᠭᠤᠯᠵᠤ᠂ ᠲᠤᠰᠢᠶᠠᠬᠤ ᠬᠠᠷᠢᠴᠠᠯ ᠢ 5ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠬᠦ ᠶᠢᠨ ᠵᠡᠷᠭᠡᠪᠡᠷ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ  ᠬᠦᠴᠦᠨ‌ᠥᠬᠡᠶ ᠪᠣᠯᠭᠠᠨ᠎ᠠ᠃              ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠲᠠᠰᠤᠯᠤᠨ ᠪᠣᠳᠣᠬᠤ ᠪᠤᠢ︖              ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ  ᠲᠣᠭᠲᠠᠭᠰᠠᠨ  ᠡᠮ  ᠡᠮᠨᠡᠯᠭᠡ ᠵᠢᠨ‌‍ᠪᠠᠶᠢᠭᠤᠯᠤᠮᠵᠢ ᠳᠤ ᠦᠵᠡᠬᠦᠯᠦᠭᠰᠡᠨ ᠡᠮ ᠡᠮᠨᠡᠯᠭᠡ ᠶᠢᠨ ᠰᠦᠢᠳᠭᠡᠯ ᠨᠢ ᠬᠦᠨᠳᠦ ᠡᠪᠡᠳᠴᠢᠨ ᠤ ᠳᠠᠭᠠᠳᠬᠠᠯ ᠤᠨ  ᠰᠦᠢᠳᠭᠡᠯ ‍ᠤᠨ‌‍ᠬᠡᠰᠡᠭ ᠲᠤ ᠣᠷᠣᠭᠰᠠᠨ ᠪᠠᠶᠢᠪᠠᠯ᠂ ︽ᠨᠢᠭᠡ ᠥᠷᠲᠡᠭᠡ ᠮᠠᠶ᠋ᠢᠭ︾᠎ ᠤᠨ ᠲᠠᠰᠤᠯᠤᠨ ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ‌ᠨᠢ ᠲᠡᠷᠡ ᠲᠠᠷᠤᠢ ᠳᠤᠨᠢ ᠲᠠᠰᠤᠯᠤᠨ ᠪᠤᠳᠤᠵᠦ ᠦᠭᠭᠦᠨ᠂ ᠬᠠᠮᠢᠶ᠎ᠠ ᠪᠥᠬᠦᠶ ᠣᠯᠭᠤᠮᠵᠢ ᠶᠢ  ᠠᠶᠠᠨᠳᠠᠭᠠᠨ  ᠬᠦᠷᠳᠡᠭᠦ  ᠪᠤᠯᠤᠨ᠎ᠠ᠂ᠲᠤᠰᠬᠠᠶᠢᠯᠠᠨ ᠭᠤᠶᠤᠴᠢᠯᠠᠨ ᠮᠡᠳᠡᠭᠦᠯᠬᠦ ᠴᠢᠬᠤᠯᠠ ᠥᠬᠡᠶ᠃              ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠳᠤ ᠤᠷᠤᠯᠴᠠᠬᠰᠠᠨ ᠪᠤᠯ  ᠪᠠᠰᠠ‌‍ᠲ᠋ᠤᠰᠠᠭᠠᠷ ᠢᠶᠠᠨ ᠬᠤᠳᠠᠯᠳᠤᠭᠠᠨ ᠤ ᠳᠠᠭᠠᠳᠬᠠᠯ ᠠᠪᠬᠤ ᠴᠢᠬᠤᠯᠠ ᠲᠠᠢ ᠦᠦ︖              ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ  ᠲᠤᠬᠳᠠᠭᠠᠬᠰᠠᠨ  ᠡᠬᠢᠨ ᠤ  ᠦᠶ᠎ᠡ ᠳᠤ᠂  ᠡᠮ  ᠡᠮᠨᠡᠯᠭᠡ  ᠵᠢᠨ‌‍ᠲ᠋ᠠᠭᠠᠳᠬᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠣᠷᠣᠯᠴᠠᠬᠤ ᠶᠢ  ᠢᠮᠠᠭᠲᠠ  ᠵᠣᠷᠢᠭᠵᠢᠭᠤᠯᠵᠤ᠂  ᠬᠤᠳᠠᠯᠳᠤᠭᠠᠨ ‍ᠤ‌‍ᠲ᠋ᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠡᠷᠭᠢᠯᠡᠬᠦ ᠶᠢ  ᠢᠳᠡᠪᠬᠢᠲᠡᠶ  ᠳᠡᠮᠵᠢᠵᠦ᠂  ᠡᠮ  ᠡᠮᠨᠡᠯᠭᠡ  ᠎ ᠶᠢᠨ  ᠳᠠᠭᠠᠳᠬᠠᠯ ‍ᠤᠨ‌ᠬᠤᠷᠰᠢᠶ᠎ᠠ ᠶᠢᠨ  ᠬᠤᠳᠠᠯᠳᠤᠭᠠᠴᠢᠨ  ᠬᠠᠮᠳᠤᠷᠠᠨ  ᠠᠵᠢᠯᠯᠠᠬᠤ   ᠰᠢᠨ᠎ᠡ   ᠵᠠᠭᠪᠤᠷ ᠢ   ᠰᠢᠨ᠎ᠡ ᠪᠠᠷ   ᠡᠭᠦᠳᠦᠨ   ᠪᠠᠶᠢᠭᠤᠯᠵᠤ‌‍ᠪᠦ᠋ᠷᠢᠨᠰᠢᠭᠦᠯᠪᠡ᠃ ᠣᠳᠣᠬᠠᠨ ᠳᠤ᠂ 90 %᠎ ᠠᠴᠠ ᠳᠡᠭᠡᠭᠰᠢᠬᠢ ᠨᠢᠭᠡᠳᠦᠯᠲᠡᠶ ᠲᠥᠯᠥᠪᠯᠡᠬᠦ  ᠭᠠᠵᠠᠷ  ᠣᠷᠣᠨ  ᠎ ᠨᠢ  ᠵᠠᠰᠠᠭ ‍ᠤᠨ‌ᠣᠷᠳᠣᠨ ᠦᠢᠯᠡᠴᠢᠯᠡᠭᠡ ᠶᠢ ᠬᠤᠳᠠᠯᠳᠤᠨ  ᠠᠪᠬᠤ  ᠠᠷᠭ᠎ᠠ  ᠮᠠᠶ᠋ᠢᠭ ᠢᠶᠠᠷ  ᠳᠠᠮᠵᠢᠭᠤᠯᠤᠨ  ᠬᠤᠳᠠᠯᠳᠤᠭᠠᠨ ᠤ  ᠳᠠᠭᠠᠳᠬᠠᠯ ‍ᠤᠨ‌‍ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ  ᠲᠤᠬᠠᠶᠢᠯᠠᠭᠰᠠᠨ  ᠠᠵᠢᠯ ᠢ  ᠳᠠᠭᠠᠭᠠᠨ  ᠬᠢᠯᠭᠡᠵᠦ  ᠪᠠᠶᠢᠨ᠎ᠠ᠃ᠦᠨᠳᠦᠰᠦᠨ ᠡᠮ  ᠡᠮᠨᠡᠯᠭᠡ ᠶᠢᠨ  ᠳᠠᠭᠠᠳᠬᠠᠯ  ᠪᠠ  ᠬᠦᠨᠳᠦ  ᠡᠪᠡᠳᠴᠢᠨ ᠤ  ᠳᠠᠭᠠᠳᠬᠠᠯ ᠠᠴᠠ  ᠭᠠᠳᠠᠨ᠎ᠠ᠂  ᠳᠠᠭᠠᠳᠬᠠᠯ ᠳ᠋ᠤ᠋‌ᠣᠷᠣᠯᠴᠠᠭᠰᠠᠳ ᠬᠤᠳᠠᠯᠳᠤᠭᠠᠨ ᠤ ᠳᠠᠭᠠᠳᠬᠠᠯ ᠨᠥᠬᠦᠪᠥᠷᠢᠯᠡᠬᠦ ᠴᠢᠬᠤᠯᠠᠲᠠᠶ ᠡᠰᠡᠬᠦ ᠶᠢ ᠬᠤᠪᠢ ᠬᠥᠮᠦᠨ ᠤ ᠬᠦᠰᠡᠯ ᠡᠷᠡᠮᠡᠯᠵᠡᠯ ᠪᠠ‌‍ᠲ᠋ᠠᠭᠠᠭᠠᠬᠤ ᠴᠢᠳᠠᠪᠤᠷᠢ ᠠᠴᠠ ᠰᠢᠯᠳᠠᠭᠠᠯᠠᠬᠳᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号