2024 ᠣᠨ ᠤ ᠪᠥᠬᠦ ᠤᠯᠤᠰ ᠤᠨ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠯᠲᠠ ᠠᠴᠠ ᠡᠮᠦᠨᠡᠬᠢ ᠪᠣᠯᠪᠠᠰᠤᠷᠠᠯ ᠤᠨ ᠠᠩᠭᠢ ᠡᠷᠭᠢᠯᠡᠬᠦ ᠲᠤᠬᠠᠶ ᠰᠥᠨᠢᠳ ᠪᠠᠷᠠᠭᠤᠨ ᠬᠤᠰᠢᠭᠤᠨ ᠤ ᠮᠡᠳᠡᠭᠳᠡᠯ
ᠨᠡᠶᠢᠲᠡᠯᠡᠭᠰᠡᠨ ᠴᠠᠭ᠄
2024/5/20
ᠡᠯ᠎ᠡ ᠰᠤᠮᠤ ᠪᠠᠯᠭᠠᠰᠤ᠂ ᠨᠡᠶᠢᠭᠡᠮ ᠲᠣᠭᠤᠷᠢᠭ᠂ ᠰᠢᠯᠭᠠᠭᠤᠯᠤᠭᠴᠢ ᠳᠤ᠄      ᠮᠠᠨ ᠤ ᠬᠤᠰᠢᠭᠤᠨ ᠤ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢᠯᠭᠠᠭᠤᠯᠤᠭᠴᠢ ᠶᠢ ᠬᠠᠪᠰᠤᠷᠤᠨ ᠰᠢᠯᠭᠠᠯᠲᠠ ᠶᠢᠨ ᠴᠡᠭ ᠪᠠ ᠮᠡᠳᠡᠯᠭᠡ ᠶᠢᠨ ᠴᠡᠭ ᠢ ᠰᠢᠰᠲ᠋ᠧᠮ ᠲᠠᠢ ᠡᠮᠬᠢᠯᠡᠵᠦ᠂ ᠰᠢᠯᠭᠠᠯᠲᠠ ᠶᠢᠨ ᠦᠩᠭᠡᠷᠡᠬᠦ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠰᠥᠨᠢᠳ ᠪᠠᠷᠠᠭᠤᠨ ᠬᠤᠰᠢᠭᠤᠨ ᠤ 2024 ᠣᠨ ᠤ ᠪᠥᠬᠦ ᠤᠯᠤᠰ ᠤᠨ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠯᠲᠠ ᠠᠴᠠ ᠡᠮᠦᠨᠡᠬᠢ ᠪᠣᠯᠪᠠᠰᠤᠷᠠᠯ ᠤᠨ ᠠᠩᠭᠢ ᠡᠷᠬᠢᠯᠡᠬᠦ ᠪᠠᠷ ᠲᠣᠭᠲᠠᠪᠠ᠂ ᠣᠲᠣ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠪᠣᠯᠪᠠᠰᠤᠷᠠᠯ ᠤᠨ ᠴᠠᠭ      2024 ᠣᠨ ᠤ 5 ᠰᠠᠷ᠎ᠠ ᠶᠢᠨ 23᠎ ᠤ ᠡᠳᠦᠷ ᠤᠨ ᠦᠳᠡ ᠶᠢᠨ ᠬᠤᠶᠢᠨ᠎ᠠ 3᠄ 00-5᠄ 00      2024 ᠣᠨ ᠤ 5 ᠰᠠᠷ᠎ᠠ ᠶᠢᠨ 24᠎ ᠤ ᠡᠳᠦᠷ ᠤᠨ ᠦᠳᠡ ᠶᠢᠨ ᠡᠮᠦᠨ᠎ᠡ 9᠄ 00-12᠄ 00 ᠦᠳᠡ ᠶᠢᠨ ᠬᠤᠶᠢᠨ᠎ᠠ 3᠄ 00-5᠄ 00      ᠬᠤᠶᠠᠷ᠂ ᠪᠣᠯᠪᠠᠰᠤᠷᠠᠯ ᠤᠨ ᠭᠠᠵᠠᠷ      ᠰᠥᠨᠢᠳ ᠪᠠᠷᠠᠭᠤᠨ ᠬᠤᠰᠢᠭᠤᠨ ᠤ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠭᠤᠷᠪᠠᠳᠤᠭᠠᠷ ᠠᠰᠠᠷ ︵ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠤᠶᠢᠲᠤ ᠲᠠᠯ᠎ᠠ︶      ᠭᠤᠷᠪᠠ᠂ ᠪᠣᠯᠪᠠᠰᠤᠷᠠᠯ ᠤᠨ ᠠᠷᠭ᠎ᠠ ᠮᠠᠶ᠋ᠢᠭ      ᠲᠣᠰ ᠤᠳᠠᠭᠠᠨ ᠤ ᠪᠣᠯᠪᠠᠰᠤᠷᠠᠭᠤᠯᠤᠯ ᠳᠤ ᠲᠤᠬᠠᠶ ᠶᠢᠨ ᠲᠠᠯᠠᠪᠤᠷ ᠲᠤ ᠬᠢᠴᠢᠶᠡᠯ ᠣᠷᠣᠵᠤ᠂ ᠨᠡᠷ᠎ᠡ ᠲᠥᠷᠥ ᠲᠠᠢ ᠲᠤᠰᠬᠠᠶ ᠮᠡᠷᠭᠡᠵᠢᠯ ᠤᠨ ᠨᠡᠶᠢᠭᠡᠮ ᠤᠨ ᠠᠵᠢᠯ ᠤᠨ ᠪᠠᠭᠰᠢ ᠶᠢ ᠤᠷᠢᠵᠤ ᠬᠢᠴᠢᠶᠡᠯ ᠣᠷᠣᠭᠤᠯᠤᠨ᠎ᠠ᠃      ᠳᠥᠷᠪᠡ᠂ ᠪᠣᠯᠪᠠᠰᠤᠷᠠᠭᠤᠯᠬᠤ ᠡᠲᠡᠭᠡᠳ      ᠰᠥᠨᠢᠳ ᠪᠠᠷᠠᠭᠤᠨ ᠬᠤᠰᠢᠭᠤ ᠨᠢᠭᠡᠨᠲᠡ 2024 ᠣᠨ ᠤ ᠨᠡᠢᠭᠡᠮ ᠤᠨ ᠠᠵᠢᠯ ᠤᠨ ᠠᠵᠢᠯ ᠮᠡᠷᠭᠡᠵᠢᠯ ᠤᠨ ᠬᠢᠷᠢ ᠭᠡᠮ ᠤᠨ  ᠎ ᠳᠤ ᠰᠢᠯᠭᠠᠯᠲᠠ  ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠰᠠᠳ᠃      ᠲᠠᠪᠤ᠂ ᠪᠣᠯᠪᠠᠰᠤᠷᠠᠯ ᠤᠨ ᠬᠢᠴᠢᠶᠡᠯ      1. ᠬᠠᠤᠯᠢ ᠲᠣᠭᠲᠠᠭᠠᠯ ᠬᠢᠭᠡᠳ ᠲᠥᠷᠥ ᠶᠢᠨ ᠪᠣᠳᠣᠯᠭ᠎ᠠ᠂ ᠨᠡᠶᠢᠭᠡᠮ ᠤᠨ ᠠᠵᠢᠯ ᠤᠨ ᠪᠣᠳᠠᠲᠤ ᠶᠠᠪᠤᠳᠠᠯ      2. ᠨᠡᠶᠢᠭᠡᠮ ᠤᠨ ᠠᠵᠢᠯ ᠤᠨ ᠦᠨᠳᠦᠰᠦᠨ ᠵᠠᠷᠴᠢᠮ      ᠵᠢᠷᠭᠤᠭ᠎ᠠ᠂ ᠪᠣᠯᠪᠠᠰᠤᠷᠠᠭᠤᠯᠤᠯ ᠪᠠᠭᠰᠢ ᠶᠢᠨ ᠲᠠᠨᠢᠯᠴᠠᠭᠤᠯᠭ᠎ᠠ      ᠲᠤᠤ ᠳᠧ    ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠥᠮᠦᠨ ᠰᠣᠶᠣᠯ ᠤᠨ ᠳᠡᠭᠡᠳᠦ ᠰᠤᠷᠭᠠᠭᠤᠯᠢ ᠶᠢᠨ ᠪᠠᠭᠰᠢ᠂ ᠤᠯᠤᠰ ᠤᠨ ᠬᠤᠶᠠᠳᠤᠭᠠᠷ ᠳᠡᠰ ᠤᠨ ᠰᠡᠳᠭᠢᠴᠡ ᠶᠢᠨ ᠵᠥᠪᠯᠡᠯᠭᠡ ᠥᠭᠭᠦᠭᠴᠢ᠃      ᠲᠤᠯᠤᠭ᠎ᠠ᠂ ᠪᠣᠯᠪᠠᠰᠤᠷᠠᠭᠤᠯᠤᠯ ᠤᠨ ᠱᠠᠭᠠᠷᠳᠠᠯᠭ᠎ᠠ      ᠪᠣᠯᠪᠠᠰᠤᠷᠠᠯ ᠳᠤ ᠣᠷᠣᠯᠴᠠᠭᠰᠠᠳ ᠠᠵᠢᠯᠲᠠᠨ ᠤ ᠲᠣᠬᠢᠷᠠᠭᠤᠯᠤᠯᠲᠠ ᠶᠢ ᠳᠠᠭᠠᠵᠤ᠂ 10 ᠮᠢᠨᠦ᠋ᠲ ᠤᠷᠢᠳᠴᠢᠯᠠᠨ ᠬᠢᠴᠢᠶᠡᠯ ᠤᠨ ᠲᠠᠩᠬᠢᠮ ᠳᠤ ᠣᠷᠣᠵᠤ ᠭᠠᠷ ᠤᠨ ᠦᠰᠦᠭ ᠵᠢᠷᠤᠬᠤ ᠬᠡᠷᠡᠭᠲᠡᠶ᠂ ᠬᠤᠵᠢᠮᠳᠠᠬᠤ ᠥᠬᠡᠶ᠂ ᠡᠷᠲᠡ ᠪᠤᠴᠠᠬᠤ ᠥᠬᠡᠶ᠂ ᠣᠨᠴᠠᠭᠠᠶ ᠪᠠᠶᠢᠳᠠᠯ ᠥᠬᠡᠶ ᠪᠣᠯ ᠴᠢᠯᠥᠭᠡ ᠭᠤᠶᠤᠵᠤ ᠪᠣᠯᠬᠤ ᠥᠬᠡᠶ︔ ᠬᠢᠴᠢᠶᠡᠯ ᠤᠨ ᠲᠠᠩᠬᠢᠮ ᠤᠨ ᠰᠠᠬᠢᠯᠭ᠎ᠠ ᠪᠠᠲᠤ ᠶᠢ ᠬᠢᠨᠠᠮᠠᠭᠠᠶ ᠵᠢᠷᠤᠮᠯᠠᠵᠤ᠂ ᠬᠢᠴᠢᠶᠡᠯ ᠣᠷᠣᠬᠤ ᠬᠤᠭᠤᠴᠠᠭᠠᠨ ᠳᠤ ᠭᠠᠷ ᠤᠲᠠᠰᠤ ᠪᠠᠨ ᠬᠠᠭᠠᠬᠤ ᠪᠤᠶᠤ ᠲᠠᠭᠤ ᠨᠠᠮᠵᠢᠭᠤᠨ ᠪᠠᠶᠢᠳᠠᠯ ᠳᠤ ᠬᠦᠷᠲᠡᠯ᠎ᠡ ᠰᠢᠯᠵᠢᠭᠦᠯᠵᠦ ᠪᠣᠯᠬᠤ ᠥᠬᠡᠶ᠂ ᠤᠲᠠᠰᠤ ᠲᠤᠰᠬᠤ ᠪᠤᠶᠤ ᠳᠤᠷ᠎ᠠ ᠪᠠᠷ ᠢᠶᠠᠨ ᠣᠷᠣᠵᠤ ᠭᠠᠷᠴᠤ ᠪᠣᠯᠬᠤ ᠥᠬᠡᠶ᠂ ᠬᠢᠴᠢᠶᠡᠯ ᠣᠷᠣᠬᠤ ᠪᠠᠭᠰᠢ ᠶᠢ ᠬᠦᠨᠳᠦᠳᠬᠡᠵᠦ᠂ ᠰᠤᠷᠤᠯᠴᠠᠬᠤ ᠡᠭᠦᠷᠭᠡ ᠪᠠᠨ ᠢᠳᠡᠪᠬᠢᠲᠡᠶ ᠪᠡᠶᠡᠯᠡᠭᠦᠯᠬᠦ ᠬᠡᠷᠡᠭᠲᠡᠶ᠃      ᠨᠠᠢᠮᠠ᠂ ᠪᠤᠰᠤᠳ ᠵᠦᠢᠯ      1. ᠲᠣᠰ ᠤᠳᠠᠭᠠᠨ ᠤ ᠪᠣᠯᠪᠠᠰᠤᠷᠠᠭᠤᠯᠤᠯ ᠳᠤ ᠶᠠᠮᠠᠷᠴᠤ ᠰᠦᠢᠳᠬᠡᠯ ᠬᠤᠷᠢᠶᠠᠬᠤ ᠥᠬᠡᠶ᠃      2. ᠡᠯ᠎ᠡ ᠰᠤᠮᠤ ᠪᠠᠯᠭᠠᠰᠤ᠂ ᠨᠡᠶᠢᠭᠡᠮ ᠲᠣᠭᠤᠷᠢᠭ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠳᠠᠶᠢᠴᠢᠯᠠᠬᠤ ᠪᠠ ᠤᠬᠠᠭᠤᠯᠵᠤ᠂ ᠰᠢᠯᠭᠠᠭᠤᠯᠤᠭᠴᠢ ᠳᠤ ᠮᠡᠳᠡᠭᠳᠡᠵᠦ ᠪᠣᠯᠪᠠᠰᠤᠷᠠᠭᠤᠯᠤᠯ ᠳᠤ ᠢᠳᠡᠪᠬᠢᠲᠡᠶ ᠣᠷᠣᠯᠴᠠᠭᠤᠯᠵᠤ᠂ ᠪᠥᠬᠦ ᠬᠤᠰᠢᠭᠤᠨ ᠤ ᠨᠡᠶᠢᠭᠡᠮ ᠤᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃      ᠬᠠᠷᠢᠯᠴᠠᠬᠤ ᠬᠥᠮᠦᠨ᠄ ᠮᠠ ᠮᠢᠩ          ᠸᠠᠩ ᠭᠧᠨ ᠲᠤᠤ      ᠬᠠᠷᠢᠯᠴᠠᠬᠤ ᠠᠷᠭ᠎ᠠ᠄ 1504894323215904794809                          ᠰᠥᠨᠢᠳ ᠪᠠᠷᠠᠭᠤᠨ  ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ                      2024 ᠣᠨ ᠤ 5 ᠰᠠᠷ᠎ᠠ ᠶᠢᠨ 20᠎ ᠤ ᠡᠳᠦᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号