ᠮᠠᠨ ᠤ ᠬᠤᠰᠢᠭᠤ ︽ᠭᠤᠷᠪᠠᠨ ᠴᠠᠬᠢᠯᠭᠠᠨ︾ ᠤ ᠲᠥᠬᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2024/5/21
     ᠴᠠᠬᠢᠯᠭᠠᠨ ᠬᠦᠴᠦᠨ᠂ ᠴᠠᠬᠢᠯᠭᠠᠨ ᠬᠤᠯᠪᠣᠭ᠎ᠠ᠂ ᠷᠠᠳᠢᠣ᠋ ᠲᠧᠯᠸᠢᠰ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠴᠢᠬᠤᠯᠠ ᠴᠢᠨᠠᠷ ᠤᠨ ᠲᠤᠬᠠᠶ ᠣᠯᠠᠨ ᠨᠡᠶᠢᠲᠡ ᠶᠢᠨ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠨᠡᠶᠢᠭᠡᠮ ᠤᠨ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠨᠡᠶᠢᠭᠡᠮ ᠤᠨ ᠦᠶᠯᠡᠳᠪᠦᠷᠢᠯᠡᠯ᠂ ᠠᠮᠢᠳᠤᠷᠠᠯ ᠤᠨ ᠴᠢᠬᠤᠯᠠ ᠰᠠᠭᠤᠷᠢ ᠲᠥᠬᠦᠭᠡᠷᠦᠮᠵᠢ ᠶᠢ ᠬᠠᠮᠲᠤ ᠪᠠᠷ ᠬᠠᠮᠠᠭᠠᠯᠠᠬᠤ ᠶᠢᠨ ᠲᠥᠯᠥᠭᠡ᠂ ᠤᠶᠢᠷ᠎ᠠ ᠳᠤ ᠮᠠᠨ ᠤ ᠬᠤᠰᠢᠭᠤ ︽ᠭᠤᠷᠪᠠᠨ ᠴᠠᠬᠢᠯᠭᠠᠨ︾ ᠤ ᠲᠥᠬᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃      ᠠᠵᠢᠯᠯᠠᠭ᠎ᠠ ᠨᠢ ᠬᠤᠰᠢᠭᠤ ᠺᠢᠨᠣ᠋ ᠤᠷᠳᠤᠨ ᠤ ᠠᠭᠤᠳᠠᠮ ᠲᠠᠯᠠᠪᠠᠶ ᠳᠤ ᠶᠠᠪᠤᠭᠳᠠᠨ᠂ ᠠᠵᠢᠯᠯᠠᠭ᠎ᠠ ᠳᠤ ᠣᠷᠣᠯᠴᠠᠭᠰᠠᠨ ᠡᠯ᠎ᠡ ᠨᠢᠭᠡᠴᠡ ᠶᠢᠨ ᠬᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠰᠠᠮᠪᠠᠷ᠎ᠠ ᠳᠡᠯᠬᠡᠬᠦ᠂ ᠳᠤᠷᠠᠰᠬᠠᠯ ᠤᠨ ᠪᠤᠳᠠᠰ ᠲᠠᠷᠬᠠᠭᠠᠬᠤ ᠵᠡᠷᠭᠡ ᠬᠡᠯᠪᠡᠷᠢ ᠪᠠᠷ ᠬᠠᠷᠢᠶ᠎ᠠ ᠣᠷᠣᠨ ᠤ ᠰᠠᠭᠤᠭᠠᠯᠢ ᠠᠷᠠᠳ ᠲᠤ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢᠨ ᠠᠮᠤᠷ ᠲᠦᠪᠰᠢᠨ ᠤ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠤ ︽ᠭᠤᠷᠪᠠᠨ ᠴᠠᠬᠢᠯᠭᠠᠨ︾ ᠤ ᠲᠦᠬᠦᠬᠡᠷᠦᠮᠵᠢ ᠶᠢ ᠬᠠᠮᠠᠭᠠᠯᠠᠬᠤ ᠲᠤᠬᠠᠶ ᠮᠡᠳᠡᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠭᠤᠷᠪᠠᠨ ᠴᠠᠬᠢᠯᠭᠠᠨ︾ ᠤ ᠲᠦᠬᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠳᠡᠢ ᠤᠷᠤᠯᠴᠠᠬᠤ ᠶᠢ ᠳᠠᠶᠢᠴᠢᠯᠠᠵᠠᠢ᠃      ᠬᠤᠰᠢᠭᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠠᠭᠤᠭ᠎ᠠ ᠴᠡᠷᠢᠭ ᠠᠩᠭᠢ᠂ 731 ᠷᠠᠳᠢᠤ᠋ ᠳᠠᠮᠵᠢᠭᠤᠯᠭ᠎ᠠ ᠶᠢᠨ ᠦᠷᠳᠡᠭᠡ ᠵᠡᠷᠭᠡ ᠪᠠᠶᠢᠭᠤᠯᠭ᠎ᠠ ᠨᠢᠭᠡᠴᠡ᠂ ᠬᠤᠯᠪᠤᠭᠳᠠᠯ ᠪᠦᠬᠦᠢ ᠺᠤᠮᠫᠠᠨᠢ ᠶᠢᠨ ᠬᠢᠨ ᠠᠵᠢᠯᠯᠠᠭ᠎ᠠ  ᠳᠤ ᠣᠷᠣᠯᠴᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号