ᠮᠠᠨ ᠤ ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢᠵᠢᠭᠤᠯᠬᠤ ᠲᠥᠪᠯᠡᠷᠡᠩᠭᠦᠶ ᠤᠬᠠᠭᠤᠯᠭ᠎ᠠ  ᠶᠢᠨ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2024/5/21
     ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ  ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠬᠠᠮᠠᠭᠠᠯᠠᠵᠤ᠂ ᠮᠠᠨ ᠤ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 22 ᠤᠨ ᠡᠳᠦᠷ᠂ ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠠᠷᠠᠳ ᠤᠨ ᠰᠢᠭᠦᠬᠦ ᠬᠤᠷᠢᠶ᠎ᠠ ᠬᠠᠮᠳᠤᠷᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢᠵᠢᠭᠤᠯᠬᠤ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠤ ᠲᠤᠬᠠᠶ ᠶᠢᠨ ᠲᠠᠯᠠᠪᠠᠶ ᠳᠤ᠂ ᠠᠵᠢᠯᠳᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠰᠠᠮᠪᠠᠷ᠎ᠠ ᠳᠡᠯᠬᠡᠬᠦ᠂ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ ᠭᠤᠤᠯᠳᠠᠯᠭ᠎ᠠ ᠲᠠᠢ ᠤᠬᠠᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠬᠠᠤᠯᠢ ᠶᠣᠰᠣᠭᠠᠷ᠂ ᠵᠦᠢ ᠵᠤᠬᠢᠰᠳᠡᠢ᠂ ᠪᠤᠯᠪᠠᠰᠤᠨ ᠢᠶᠠᠷ ᠵᠠᠬᠢᠳᠠᠯ ᠰᠤᠷᠪᠤᠯᠵᠢᠯᠠᠭ᠎ᠠ ᠬᠢᠬᠦ ᠦᠵᠡᠯ ᠤᠬᠠᠮᠰᠠᠷ ᠢ ᠪᠣᠶ ᠪᠣᠯᠭᠠᠵᠤ᠂ ᠠᠵᠢᠯ ᠶᠠᠪᠤᠳᠠᠯ ᠭᠦᠶᠴᠡᠳᠬᠡᠬᠦ ᠳᠤ ᠬᠠᠤᠯᠢ ᠶᠣᠰᠣᠭᠠᠷ ᠬᠢᠬᠦ᠂ ᠠᠰᠠᠭᠤᠳᠠᠯ ᠢ ᠰᠢᠶᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠨᠠᠮᠳᠠᠭᠤᠯᠬᠤ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠵᠠᠢ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ 《 ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ 》 ᠢ ᠦᠷᠭᠦᠯᠵᠢᠯᠡᠨ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠶᠢ ᠦᠨᠡᠨ ᠬᠦ ᠬᠡᠷᠡᠭᠯᠡᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢᠵᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号