ᠥᠮᠡᠨ ᠡᠪᠡᠳᠴᠢᠨ ᠢ ᠢᠳᠡᠵᠦ ᠤᠤᠭᠤᠵᠤ ᠪᠠᠶᠢᠭᠠᠳ ᠤᠯᠤᠬᠰᠠᠨ ᠬᠡᠨ᠎ᠡ ᠤᠤ︖ ᠡᠳᠡᠭᠡᠷ ᠢᠳᠡᠭᠡᠨ ᠥᠮᠡᠨ ᠢ ᠰᠡᠷᠭᠡᠶᠢᠯᠡᠵᠦ ᠲᠠᠶᠢᠯᠤᠨ᠎ᠠ︕
ᠨᠡᠶᠢᠲᠡᠯᠡᠭᠰᠡᠨ ᠴᠠᠭ᠄
2024/5/22
ᠥᠮᠡᠨ︕ ᠥᠮᠡᠨ ᠡᠭᠦᠰᠭᠡᠬᠦ ᠪᠣᠳᠠᠰ︕ ᠪᠢᠳᠡᠨ ᠤ ᠡᠳᠦᠷ ᠲᠤᠲᠤᠮ ᠤᠨ ᠢᠳᠡᠭᠡᠨ  ᠤᠮᠳᠠᠭᠠᠨ ᠳᠤ  ᠨᠢᠭᠤᠭᠳᠠᠵᠤ‌‍ᠪᠠᠶᠢᠨ᠎ᠠ ᠰᠢᠦ᠃              1. ᠢᠳᠡᠵᠦ ᠤᠤᠭᠤᠵᠤ ᠪᠠᠶᠢᠭᠠᠳ ᠤᠯᠤᠬᠰᠠᠨ ᠡᠯᠢᠭᠡᠨ ᠥᠮᠡᠨ              ᠬᠡᠷᠪᠡ  ᠸᠠᠯᠠᠭᠰᠠᠨ᠂  ᠴᠢᠨᠠᠷ  ᠬᠤᠪᠢᠷᠠᠭᠰᠠᠨ  ᠢᠳᠡᠭᠡᠨ ᠢ  ᠦᠷᠭᠦᠯᠵᠢ  ᠢᠳᠡᠬᠦ  ᠪᠤᠶᠤ  ᠸᠠᠯᠠᠭᠰᠠᠨ  ᠬᠤᠭᠤᠯᠠᠨ ‍ᠤ‌‍ᠬᠡᠷᠡᠭᠰᠡᠯ ᠢᠶᠠᠷ ᠬᠤᠭᠤᠯᠠ ᠢᠳᠡᠪᠡᠯ ᠥᠮᠡᠨ ᠡᠭᠦᠰᠭᠡᠬᠦ ᠪᠣᠳᠠᠰ  —  ᠰᠢᠷ᠎ᠠ  ᠬᠥᠷᠥᠩᠭᠡ ᠶᠢᠨ  ᠬᠥᠭᠡᠴᠦ ᠶᠢᠨ ᠬᠤᠣᠷᠲᠤ ᠡᠳ᠋(黄曲霉毒素)᠎ ᠢ ᠢᠳᠡᠵᠦ ᠮᠡᠳᠡᠨ᠎ᠡ᠃              2. ᠡᠯᠢᠭᠡᠨ ᠤ ᠥᠮᠡᠨ ᠢ ᠰᠡᠷᠭᠡᠶᠢᠯᠡᠬᠦ ᠳᠤ᠂ ᠨᠣᠭᠤᠭᠠᠨ ᠥᠩᠭᠡᠲᠦ ᠢᠳᠡᠭᠡᠨ ᠢᠳᠡᠬᠦ ᠬᠡᠷᠡᠭᠳᠡᠢ              ᠨᠣᠭᠤᠭᠠᠨ ᠥᠩᠭᠡᠲᠦ ᠢᠳᠡᠭᠡᠨ ᠳᠤ  ᠨᠠᠪᠴᠢᠨ ᠤ  ᠨᠣᠭᠤᠭᠠᠨ  ᠡᠳ᠋ ᠤᠨ  ᠮᠣᠯᠧᠺᠦ᠋ᠯ  ᠠᠭᠤᠯᠤᠭᠳᠠᠵᠤ  ᠪᠠᠶᠢᠳᠠᠭ᠂ ᠲᠡᠳᠡᠭᠡᠷ ᠨᠢ ᠡᠯᠢᠭᠡᠨ ᠳᠤ ᠤᠷᠤᠭᠰᠠᠨ ᠤ ᠳᠠᠷᠠᠭ᠎ᠠ ᠰᠢᠷ᠎ᠠ ᠬᠦᠷᠦᠩᠭᠡ ᠶᠢᠨ ᠬᠥᠭᠡᠴᠦ ᠶᠢᠨ ᠬᠤᠣᠷᠲᠤ ᠡᠳ᠋ ᠎ ᠢ ᠬᠠᠰᠢᠬᠤ ᠦᠢᠯᠡᠳᠦᠯ‌ᠦᠵᠡᠭᠦᠯᠵᠦ᠂  ᠰᠢᠷ᠎ᠠ  ᠬᠦᠷᠦᠩᠭᠡ ᠶᠢᠨ  ᠬᠥᠭᠡᠴᠦ ᠶᠢᠨ  ᠬᠤᠣᠷᠲᠤ  ᠡᠳ᠋ ᠤᠨ   ᠤᠳᠤᠮᠰᠢᠯ ᠤᠨ   ᠪᠣᠳᠠᠰ ᠲᠤ   ᠬᠤᠬᠢᠷᠠᠯ‌ᠤᠴᠠᠷᠠᠭᠤᠯᠬᠤ ᠶᠢ ᠬᠤᠷᠢᠭᠯᠠᠳᠠᠭ᠂ ᠡᠶᠢᠮᠦ ᠠᠴᠠ ᠡᠯᠢᠭᠡᠨ  ᠥᠮᠡᠨ ᠢ  ᠤᠷᠢᠳᠴᠢᠯᠠᠨ  ᠰᠡᠷᠭᠡᠶᠢᠯᠡᠬᠦ  ᠦᠢᠯᠡᠳᠦᠯ  ᠦᠵᠡᠬᠦᠯᠳᠡᠭ ᠶᠤᠮ᠃              3. ᠨᠣᠭᠤᠭᠠᠨ  ᠥᠩᠭᠡᠲᠦ  ᠢᠳᠡᠭᠡᠨ  ᠎ ᠤ  ᠲᠤᠳᠤᠷᠠᠬᠢ  ᠠᠯᠢᠨ  ᠎ ᠤ  ᠬᠢᠨᠢ  ᠨᠠᠪᠴᠢᠨ ᠤ  ᠨᠣᠭᠤᠭᠠᠨ  ᠡᠳ᠋  ‍ᠤᠨ‌ᠠᠭᠤᠯᠤᠭᠳᠠᠴᠠ ᠥᠨᠳᠥᠷ ᠪᠠᠶᠢᠳᠠᠭ ᠪᠤᠶ︖ ᠥᠩᠭᠡ ᠨᠢ  ᠭᠦᠨ  ᠪᠣᠯ  ᠨᠠᠪᠴᠢᠨ ᠤ  ᠨᠣᠭᠤᠭᠠᠨ ᠡᠳ᠋ ᠤᠨ ᠠᠭᠤᠯᠤᠭᠳᠠᠴᠠ‌ᠥᠨᠳᠥᠷ ᠪᠠᠶᠢᠳᠠᠭ ᠬᠡᠵᠢ ᠦᠦ︖              ᠠᠷᠠᠢ ᠲᠡᠶᠢᠮᠦ ᠪᠢᠰᠢ ᠶᠤᠮ᠃ ᠵᠢᠮᠢᠰ ᠨᠣᠭᠤᠭ᠎ᠠ ᠶᠢᠨ ᠲᠥᠷᠥᠯ ᠪᠤᠶᠤ ᠭᠤᠸᠠ ᠶᠢᠨ ᠲᠥᠷᠥᠯ ᠤᠨ ᠢᠳᠡᠰᠢᠨ  ᠨᠣᠭᠤᠭ᠎ᠠ ᠶᠢ ᠵᠥᠪᠬᠡᠨ ᠥᠩᠭᠡᠨ ᠲᠠᠯ᠎ᠠ ᠠᠴᠠ ᠨᠢ ᠦᠵᠡᠬᠦ ᠳᠤ ᠮᠠᠰᠢ ᠨᠣᠭᠤᠭᠠᠨ  ᠪᠠᠶᠢᠳᠠᠭ  ᠪᠤᠯᠪᠠᠴᠤ  ᠲᠡᠳᠡᠭᠡᠷ ᠤᠨ ᠳᠣᠲᠣᠭᠠᠳᠤ ᠵᠢᠨ‌ᠨᠠᠪᠴᠢᠨ ᠤ ᠨᠣᠭᠤᠭᠠᠨ ᠡᠳ᠋ ᠤᠨ ᠠᠭᠤᠯᠤᠭᠳᠠᠴᠠ ᠨᠢ ᠨᠡᠯᠢᠶᠡᠳ ᠪᠠᠭ᠎ᠠ ᠪᠠᠶᠢᠳᠠᠭ᠂ ᠵᠢᠱᠢᠶᠡᠯᠡᠪᠡᠯ ᠥᠷᠭᠡᠰᠦᠲᠦ ᠬᠡᠮᠬᠡ᠃              1. ᠢᠳᠡᠵᠦ ᠤᠤᠭᠤᠵᠤ ᠪᠠᠶᠢᠭᠠᠳ ᠤᠯᠤᠬᠰᠠᠨ ᠬᠤᠳᠣᠭᠤᠳᠣᠨ ᠥᠮᠡᠨ᠃ ᠴᠥᠭᠡᠨ ᠪᠤᠰᠤ ᠬᠥᠮᠦᠰ ᠬᠤᠭᠤᠯᠠ ᠢᠳᠡᠬᠦ ᠳᠡᠭᠡᠨ ᠪᠦᠷ ᠳᠠᠪᠤᠰᠤᠯᠠᠭᠰᠠᠨ ᠢᠳᠡᠰᠢᠨ ᠨᠣᠭᠤᠭ᠎ᠠ᠂ ᠮᠢᠬᠠᠨ ᠤ ᠲᠥᠷᠥᠯ᠂ᠵᠢᠭᠠᠰᠤᠨ ᠤ ᠲᠥᠷᠥᠯ᠂ ᠵᠢᠱᠢᠶᠡᠯᠡᠪᠡᠯ ᠳᠠᠪᠤᠰᠤᠯᠠᠭᠰᠠᠨ ᠨᠣᠭᠤᠭ᠎ᠠ᠂ ᠳᠠᠪᠤᠰᠤᠯᠠᠭᠰᠠᠨ ᠮᠢᠬ᠎ᠠ᠂ ᠳᠠᠪᠤᠰᠤᠯᠠᠭᠰᠠᠨ ᠵᠢᠭᠠᠰᠤ ᠵᠡᠷᠭᠡ ᠵᠢ‌ᠢᠳᠡᠬᠦ ᠳᠤᠷᠠᠲᠠᠶ  ᠪᠠᠶᠢᠳᠠᠭ᠂  ᠭᠡᠪᠡᠴᠦ  ᠳᠠᠪᠤᠰᠤᠯᠠᠭᠰᠠᠨ  ᠢᠳᠡᠭᠡᠨ ᠳᠤ  ᠠᠭᠤᠯᠤᠭᠳᠠᠬᠤ  ᠳᠤᠲᠠᠭᠤ  ᠠᠽᠣᠲ  ᠬᠦᠴᠢᠯ ‍ᠤᠨ‌‍ᠲ᠋ᠠᠪᠤᠰᠤᠨ ᠤ ᠠᠭᠤᠯᠤᠭᠳᠠᠴᠠ ᠨᠢ ᠨᠡᠯᠢᠶᠡᠳ ᠥᠨᠳᠥᠷ ᠪᠠᠶᠢᠳᠠᠭ᠂ ᠡᠶᠢᠮᠦ ᠳᠤᠲᠠᠭᠤ ᠠᠽᠣᠲ ᠬᠦᠴᠢᠯ ᠤᠨ ᠳᠠᠪᠤᠰᠤ ᠨᠢ ᠬᠦᠮᠦᠨ‌‍ᠤ ᠪᠡᠶ᠎ᠡ ᠶᠢᠨ ᠳᠣᠲᠣᠷ᠎ᠠ ᠣᠷᠳᠣ ᠬᠤᠭᠤᠴᠠᠭ᠎ᠠ ᠪᠠᠷ ᠬᠤᠷᠠᠮᠳᠤᠪᠡᠯ ᠥᠮᠡᠨ ᠤᠯᠬᠤ ᠵᠡᠷᠡᠮᠳᠡᠭ ᠪᠣᠯᠭᠠᠬᠤ ᠪᠠ  ᠭᠧᠨ ᠢ  ᠭᠡᠨᠡᠳᠲᠡ‌ᠬᠤᠪᠢᠷᠠᠭᠤᠯᠬᠤ ᠵᠡᠷᠭᠡ ᠦᠢᠯᠡᠳᠦᠯ ᠦᠵᠡᠬᠦᠯᠵᠦ ᠬᠤᠳᠣᠭᠤᠳᠣᠨ ᠥᠮᠡᠨ ᠤᠯᠤᠭᠤᠯᠳᠠᠭ᠂ ᠡᠨᠡ  ᠎ ᠨᠢ  ᠬᠤᠳᠣᠭᠤᠳᠣᠨ  ᠥᠮᠡᠨ‌ᠤᠯᠤᠭᠤᠯᠳᠠᠭ ︽ᠲᠦᠷᠦᠭᠦᠦ ᠶᠠᠷᠭᠠᠴᠢᠨ︾᠎ ᠤ ᠨᠢᠭᠡ ᠪᠣᠯᠤᠨ᠎ᠠ᠃              2. ᠬᠤᠳᠣᠭᠤᠳᠣᠨ ᠥᠮᠡᠨ ᠢ ᠰᠡᠷᠭᠡᠶᠢᠯᠡᠬᠦ  ᠎ ᠳᠤ᠂  ᠰᠣᠩᠭᠢᠨ᠎ᠠ ᠶᠢᠨ  ᠲᠥᠷᠥᠯ ᠤᠨ  ᠢᠳᠡᠰᠢᠨ  ᠨᠣᠭᠤᠭ᠎ᠠ ᠢᠳᠡᠬᠦ ᠭᠡᠷᠡᠭᠳᠡᠢ᠃            ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠶᠢ ᠦᠷᠭᠦᠯᠵᠢ  ᠢᠳᠡᠪᠡᠯ  ᠬᠤᠳᠣᠭᠤᠳᠣᠨ  ᠥᠮᠡᠨ ᠤ  ᠡᠭᠦᠰᠬᠦ ᠨᠣᠷᠮ᠎ᠠ ᠨᠢ  ᠲᠡᠳᠦᠶ  ᠳᠤᠤᠷ᠎ᠠ  ᠪᠤᠯᠭᠠᠳᠠᠭ᠃  ᠰᠤᠳᠤᠯᠭᠠᠨ ᠠᠴᠠ  ᠦᠵᠡᠪᠡᠯ᠂  ᠰᠣᠩᠭᠢᠨ᠎ᠠ ᠶᠢᠨ  ᠲᠥᠷᠥᠯ ᠤᠨ   ᠢᠳᠡᠰᠢᠨ‌ᠨᠣᠭᠤᠭ᠎ᠠ ᠳᠤ ᠰᠢᠷ᠎ᠠ ᠺᠧᠲ᠋ᠣᠨ  (黄酮)᠂  ᠣᠷᠭᠠᠨᠢᠭ  ᠬᠦᠬᠦᠷᠲᠦ  ᠨᠢᠭᠡᠳᠪᠦᠷᠢ  (有机硫化物)ᠵᠡᠷᠭᠡ ᠶᠢ ᠪᠠᠭᠲᠠᠭᠠᠭᠰᠠᠨ ᠮᠠᠰᠢ ᠣᠯᠠᠨ ᠣᠷᠭᠠᠨᠢᠭ ᠪᠣᠳᠠᠰ ᠪᠠᠶᠢᠳᠠᠭ᠂ ᠡᠲᠡᠭᠡᠷ ᠣᠷᠭᠠᠨᠢᠭ ᠪᠣᠳᠠᠰ ᠤᠨ ᠲᠣᠰ ᠪᠡᠶ᠎ᠡ ᠨᠢ ᠥᠮᠡᠨ ᠢ‌‍ᠰᠢᠭᠤᠳ ᠬᠤᠷᠢᠭᠯᠠᠬᠤ ᠦᠢᠯᠡᠳᠦᠯ ᠲᠠᠢ ᠶᠤᠮ᠃              3. ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠭᠡᠳᠡᠭ ᠨᠢ ᠶᠠᠮᠠᠷ ᠶᠠᠮᠠᠷ  ᠨᠣᠭᠤᠭ᠎ᠠ  ᠎ ᠶᠢ  ᠵᠢᠭᠠᠵᠤ  ᠪᠠᠶᠢᠬᠤ ᠪᠤᠢ︖              ᠪᠥᠭᠡᠷᠡᠩᠬᠡᠶ  ᠰᠣᠩᠭᠢᠨ᠎ᠠ᠂ ᠰᠣᠩᠭᠢᠨ᠎ᠠ᠂ ᠠᠮᠳᠠᠳᠤ  ᠰᠣᠩᠭᠢᠨ᠎ᠠ᠂ ᠰᠠᠷᠢᠮᠰᠠᠭ᠂ ᠭᠤᠭᠤᠳ  ᠵᠡᠷᠭᠡ  ᠎ ᠨᠢ  ᠪᠦᠷ ᠰᠣᠩᠭᠢᠨ᠎ᠠ ᠶᠢᠨ ᠲᠥᠷᠥᠯ ᠳᠤ ᠪᠠᠭᠲᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号