ᠰᠥᠨᠢᠳ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠠᠵᠢᠯᠯᠠᠬᠤ ᠬᠠᠶ᠋ᠢᠭ ᠢ ᠬᠤᠪᠢᠷᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/5/22
 ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠯ᠎ᠡ ᠵᠦᠢᠯ ᠤᠨ ᠠᠵᠢᠯ ᠢ ᠨᠠᠩ ᠰᠠᠶᠢᠨ ᠥᠷᠨᠢᠭᠦᠯᠬᠦ ᠶᠢᠨ ᠲᠥᠯᠥᠭᠡ᠂ ᠰᠥᠨᠢᠳ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠬᠡᠷᠡᠭᠴᠡᠭᠡ ᠠᠴᠠ ᠪᠣᠯᠵᠣ᠂ 2024 ᠣᠨ ᠤ 5 ᠰᠠᠷ᠎ᠠ ᠠᠴᠠ ᠡᠬᠢᠯᠡᠨ᠂ ᠰᠢᠯᠢ ᠶᠢᠨ ᠵᠠᠮ ︵ᠬᠠᠭᠤᠴᠢᠨ ᠮᠣᠩᠭᠤᠯ ᠡᠮᠨᠡᠯᠭᠡ ᠶᠢᠨ ᠬᠤᠷᠢᠶᠠᠨ ᠤ ᠠᠷᠤ ᠡᠮᠨᠡᠯᠭᠡ︶᠎ ᠠᠴᠠ ᠬᠠᠩᠭᠠᠶ ᠵᠠᠮ ᠤᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠨᠢᠭᠡᠳᠦᠭᠡᠷ ᠠᠰᠠᠷ ︵ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠲᠥᠪ ᠤᠨ ᠡᠰᠡᠷᠭᠦ ᠲᠠᠯ᠎ᠠ︶᠎ ᠳᠤ ᠨᠡᠭᠦᠵᠦ ᠬᠦᠷᠴᠦ᠂ ᠲᠠᠨ ᠳᠤ ᠳᠥᠭᠦᠮ ᠦᠭᠡᠢ ᠪᠣᠯᠤᠭᠰᠠᠨ ᠢ ᠠᠭᠤᠴᠢᠯᠠᠭᠠᠷᠠᠢ︕ ᠰᠥᠨᠢᠳ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠴᠣ ᠰᠢᠨ᠎ᠡ ᠳᠦᠷᠰᠦ ᠪᠠᠶᠢᠳᠠᠯ ᠢᠶᠠᠷ ᠥᠷᠭᠡᠨ ᠣᠯᠠᠨ ᠲᠦᠮᠡᠨ ᠳᠤ ᠨᠠᠩ ᠰᠠᠶᠢᠨ ᠦᠢᠯᠡᠴᠢᠯᠡᠭᠡ ᠬᠠᠩᠭᠠᠬᠤ ᠶᠢᠨ ᠬᠠᠮᠲᠤ ᠥᠷᠭᠡᠨ ᠣᠯᠠᠨ ᠲᠦᠮᠡᠨ ᠤ ᠣᠷᠳᠣ ᠬᠤᠭᠤᠴᠠᠭᠠᠨ ᠤ ᠲᠤᠷᠰᠢ ᠦᠵᠡᠭᠦᠯᠦᠭᠰᠡᠨ ᠳᠡᠮᠵᠢᠯᠭᠡ ᠪᠠ ᠠᠩᠬᠠᠷᠤᠯ ᠳᠤ ᠳᠠᠬᠢᠨᠲᠠ ᠲᠠᠯᠠᠷᠬᠠᠵᠤ ᠪᠠᠶᠢᠨ᠎ᠠ︕  ᠠᠵᠢᠯᠯᠠᠬᠤ ᠬᠠᠶ᠋ᠢᠭ᠄ ᠬᠠᠩᠭᠠᠶ ᠵᠠᠮ ᠤᠨ ᠰᠥᠨᠢᠳ ᠪᠠᠷᠠᠭᠤᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠨᠢᠭᠡᠳᠦᠭᠡᠷ ᠳᠠᠪᠬᠤᠷᠯᠢᠭ ᠤᠨ ᠪᠠᠷᠠᠭᠤᠨ ᠲᠠᠯ᠎ᠠ  ᠰᠢᠦᠳᠠᠨ ᠨᠣᠮᠧᠷ᠄ 011200  ᠬᠠᠷᠢᠯᠴᠠᠬᠤ ᠤᠲᠠᠰᠤ᠄ 0479 - 7225554  ᠣᠨᠴᠠᠭᠠᠶᠢᠯᠠᠨ ᠮᠡᠳᠡᠭᠳᠡᠪᠡ᠃                      ᠰᠥᠨᠢᠳ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ                    ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ                            2024 ᠣᠨ ᠤ 5 ᠰᠠᠷ᠎ᠠ ᠶᠢᠨ 22᠎ ᠤᠨ ᠡᠳᠦᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号