ᠸᠠᠩ ᠵᠠᠨ ᠴᠢ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2024/5/22
      5 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠳᠤ ᠪᠠᠷ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ᠂ ᠠᠶᠤᠯᠭᠦᠶ ᠦᠶᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠠᠢ᠃       ᠸᠠᠩ ᠵᠠᠨ ᠴᠢ ᠤᠷᠢᠳ ᠬᠤᠵᠢᠳ ᠰᠢᠨ ᠭᠠᠩ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠣᠰᠣ ᠳᠠᠮᠵᠢᠭᠤᠯᠬᠤ ᠬᠠᠮᠢᠶᠠᠷᠤᠯᠲᠠ ᠶᠢᠨ ᠥᠷᠲᠡᠭᠡ᠂ ᠮᠦᠩᠭᠡ ᠭᠤᠤᠯ ᠮᠢᠬᠠᠨ ᠤ ᠦᠶᠯᠡᠰ᠂ ᠶᠠᠩ ᠶᠠᠩ ᠮᠠᠯ ᠠᠵᠤ ᠠᠬᠤᠶ᠂ ᠬᠤᠩ ᠳ᠋ᠠ ᠨᠣᠤᠰᠣ ᠨᠣᠯᠤᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠠᠮᠢᠳᠤᠷᠠᠯ ᠤᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠵᠡᠷᠭᠡ ᠭᠠᠵᠠᠷ ᠲᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠡᠷᠬᠢᠬᠦᠯᠬᠦ᠂ ᠠᠰᠠᠭᠤᠨ ᠯᠠᠪᠯᠠᠬᠤ ᠠᠷᠭ᠎ᠠ ᠮᠠᠶ᠋ᠢᠭ ᠢᠶᠠᠷ ᠡᠯ᠎ᠡ ᠲᠠᠯᠠᠪᠤᠷ ᠭᠠᠵᠠᠷ  ᠤᠨ ᠠᠶᠤᠯ ᠲᠦᠭᠰᠢᠭᠦᠷᠢ ᠶᠢ ᠢᠯᠭᠠᠨ ᠲᠠᠨᠢᠬᠤ᠂ ᠠᠵᠢᠯᠯᠠᠬᠤ ᠲᠦᠷᠢᠮ᠂ ᠬᠥᠮᠦᠵᠢᠯ ᠪᠤᠯᠪᠠᠰᠤᠷᠠᠯ᠂ ᠠᠮᠤᠷ ᠲᠦᠪᠰᠢᠨ ᠤ ᠲᠥᠬᠦᠭᠡᠷᠦᠮᠵᠢ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠸᠠᠩ ᠵᠠᠨ ᠴᠢ ᠴᠢᠬᠤᠯᠠᠴᠢᠯᠠᠭᠰᠠᠨ ᠨᠢ᠂ ᠡᠯ᠎ᠡ ᠠᠵᠤ ᠠᠬᠤᠶᠢᠯᠠᠯ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠡᠮ ᠰᠣᠭᠤᠭ ᠢ ᠪᠠᠶᠢᠴᠠᠭᠠᠨ ᠴᠡᠭᠴᠡᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠨᠢᠮᠪᠠᠢ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠵᠢᠯᠴᠢᠳ ᠤᠨ ᠠᠶᠤᠯ ᠲᠦᠭᠰᠢᠭᠦᠷᠢ ᠶᠢ ᠢᠯᠭᠠᠨ ᠲᠠᠨᠢᠬᠤ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ︽ᠤᠷᠢᠳᠠᠪᠠᠷ ᠰᠠᠯᠬᠢ ᠨᠡᠪᠲᠡᠷᠡᠭᠦᠯᠵᠦ᠂ ᠲᠠᠷᠠᠭ᠎ᠠ ᠨᠢ ᠰᠢᠯᠭᠠᠨ ᠪᠠᠶᠢᠴᠠᠭᠠᠵᠤ᠂ ᠲᠠᠷᠠᠭ᠎ᠠ ᠨᠢ ᠠᠵᠢᠯᠯᠠᠬᠤ︾ ᠱᠠᠭᠠᠷᠳᠠᠯᠭ᠎ᠠ ᠪᠠᠷ᠂ ᠡᠯ᠎ᠡ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠬᠠᠮᠵᠢᠯᠴᠠᠭ᠎ᠠ ᠵᠤᠯᠭᠠᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠬᠦᠨᠵᠡᠭᠡᠶᠢᠷᠡᠬᠦᠯᠦᠨ ᠠᠬᠢᠭᠤᠯᠵᠤ᠂ ᠡᠯ᠎ᠡ ᠵᠦᠢᠯ  ᠤᠨ ᠠᠳᠡᠯ ᠭᠡᠷᠡᠭ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠬᠡᠵᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号