ᠮᠠᠨ ᠤ ᠤᠯᠤᠰ ᠪᠠᠲᠤᠯᠠᠨ ᠲᠤᠰᠢᠶᠠᠬᠤ ᠠᠰᠠᠷ ᠵᠡᠷᠭᠡ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/5/22
   5 ᠳ᠋ᠤᠭᠠᠷ ᠰᠠᠷ᠎ᠠ ᠶᠢᠨ 17 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠬᠢᠯᠡᠭᠰᠡᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠲᠣᠪᠴᠢ ᠮᠡᠳᠡᠭᠡᠯᠡᠯ ᠤᠨ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠲᠤᠯᠠᠨ ᠲᠤᠰᠢᠶᠠᠬᠤ ᠠᠰᠠᠷ ᠤᠨ ᠠᠵᠢᠯ ᠢ ᠦᠨᠡᠨ ᠬᠦ ᠰᠠᠶᠢᠲᠤᠷ ᠬᠢᠬᠦ ᠢᠵᠢ ᠲᠥᠬᠦᠷ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃    ᠣᠳᠣᠬᠠᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠶᠠᠭ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠲᠥᠰᠥᠯ ᠤᠳ ᠤᠨ ᠪᠠᠲᠤᠯᠠᠨ ᠲᠤᠰᠢᠶᠠᠬᠤ ᠠᠰᠠᠷ ᠤᠨ ᠰᠢᠪᠲᠤᠯᠤᠯᠲᠠ ᠶᠢᠨ ᠠᠵᠢᠯ ᠤᠨ ᠲᠥᠰᠥᠯ ᠢ ᠨᠡᠶᠢᠲᠡᠯᠡᠨ᠂ ᠲᠥᠰᠥᠯ ᠤᠳ ᠤᠨ ᠲᠣᠭᠲᠠᠭᠰᠠᠨ ᠴᠠᠭ ᠲᠤ ᠪᠠᠨ ᠲᠤᠭ᠎ᠠ ᠶᠣᠰᠣᠭᠠᠷ ᠴᠢᠨᠠᠷ ᠢ ᠪᠠᠲᠤᠯᠠᠨ ᠲᠤᠰᠢᠶᠠᠬᠤ ᠶᠢ ᠨᠢ ᠠᠬᠢᠭᠤᠯᠵᠤ᠂ ᠰᠢᠯᠭᠠᠭᠠᠳ ᠬᠢᠷᠢ ᠲᠡᠩᠴᠡᠭᠰᠡᠨ ᠠᠰᠠᠷ ᠢ ᠭᠡᠷ᠎ᠡ ᠳᠤ ᠲᠣᠭᠲᠠᠭᠰᠠᠨ ᠬᠤᠭᠤᠴᠠᠭᠠᠨ ᠳᠤ ᠨᠢ ᠠᠷᠠᠳ ᠣᠯᠠᠨ ᠳᠤ ᠣᠯᠭᠤᠨ᠎ᠠ᠃ ᠳᠤᠮᠳᠠᠳᠤ ᠤᠯᠤᠰ ᠤᠨ ᠠᠷᠠᠳ ᠤᠨ ᠪᠠᠩᠬᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠯᠲᠠ ᠵᠢᠭᠡᠯᠡᠯᠭᠡ 3000 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠣᠷᠣᠨ ᠨᠤᠲᠤᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠢ ᠳᠡᠮᠵᠢᠨ ᠵᠣᠬᠢᠰᠲᠠᠢ ᠦᠨ᠎ᠡ ᠪᠠᠷ ᠪᠠᠷᠢᠵᠤ ᠳᠠᠭᠤᠰᠬᠠᠭᠰᠠᠨ ᠴᠤ ᠬᠤᠳᠠᠯᠳᠤᠵᠤ ᠭᠠᠷᠤᠭ᠎ᠠ ᠦᠭᠡᠢ ᠲᠠᠸᠠᠷ ᠤᠨ ᠣᠷᠣᠨ ᠰᠠᠭᠤᠴᠠ ᠨᠤᠭᠤᠳ ᠢ ᠬᠤᠳᠠᠯᠳᠤᠨ ᠠᠪᠤᠭᠤᠯᠵᠤ᠂ ᠲᠦᠭᠡᠭᠡᠨ ᠬᠤᠳᠠᠯᠳᠤᠬᠤ ᠪᠤᠶᠤ ᠲᠦᠭᠡᠭᠡᠨ ᠲᠦᠷᠢᠶᠡᠰᠦᠯᠡᠭᠦᠯᠬᠦ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠨ᠎ᠠ᠃ ᠣᠳᠣᠬᠠᠨ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠴᠤ ᠰᠤᠯᠠ ᠪᠠᠶᠢᠭ᠎ᠠ ᠭᠠᠵᠠᠷ ᠰᠢᠷᠣᠢ ᠶᠢ ᠵᠣᠬᠢᠰᠲᠠᠢ ᠰᠢᠢᠳᠪᠦᠷᠢᠯᠡᠬᠦ᠂ ᠦᠯᠡᠳᠡᠭᠡᠯ ᠭᠠᠵᠠᠷ ᠰᠢᠷᠣᠢ ᠶᠢ ᠭᠦᠢᠯᠭᠡᠭᠡᠨ ᠲᠠᠢ ᠪᠣᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠬᠦ ᠪᠠᠷ ᠪᠡᠯᠡᠳᠬᠡᠵᠦ ᠪᠠᠶᠢᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠢᠯᠡᠷᠬᠡᠶᠢᠯᠡᠬᠦ ᠳᠤ ᠪᠠᠨ᠂ ᠬᠤᠳᠠᠯᠳᠤᠭᠠᠨ ᠤ ᠪᠠᠩᠬᠢ ᠶᠢ ᠵᠢᠯᠤᠭᠤᠳᠬᠤ ᠪᠠᠷ ᠳᠠᠮᠵᠢᠭᠤᠯᠤᠨ ᠬᠤᠲᠠ ᠶᠢᠨ ᠵᠣᠬᠢᠴᠠᠭᠤᠯᠬᠤ ᠲᠣᠭᠲᠠᠴᠠ ᠲᠠᠢ ᠢᠳᠡᠪᠬᠢᠲᠡᠢ ᠵᠣᠯᠭᠠᠭᠤᠯᠵᠤ᠂ ᠣᠳᠣᠬᠠᠨ ᠳᠤ ᠬᠤᠳᠠᠯᠳᠤᠭᠠᠨ ᠤ ᠪᠠᠩᠬᠢ ᠨᠢᠭᠡᠨᠲᠡ ᠳᠣᠲᠣᠭᠠᠳᠤ ᠶᠢᠨ ᠬᠢᠨᠠᠨ ᠵᠥᠪᠰᠢᠶᠡᠷᠡᠬᠦ ᠶᠠᠪᠤᠴᠠ ᠪᠠᠷ ︽ᠴᠠᠭᠠᠨ ᠳᠠᠩᠰᠠ︾ ᠳᠠᠬᠢ ᠲᠥᠰᠥᠯ ᠤᠳ ᠤᠨ 9350 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠨᠢᠭᠡᠨᠲᠡ ᠬᠢᠨᠠᠨ ᠵᠥᠪᠰᠢᠶᠡᠷᠡᠪᠡ ᠭᠡᠵᠡᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号