ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠨ ᠬᠡᠦᠬᠡᠳ ᠤᠨ ᠡᠷᠡᠬᠦᠯ ᠦᠰᠦᠨ ᠪᠤᠶᠢᠵᠢᠯᠲᠠ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/5/23
     ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠰᠢᠨ᠎ᠡ ᠴᠠᠭ ᠦᠶ᠎ᠡ ᠶᠢᠨ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ᠂ ᠬᠡᠦᠬᠡᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠦᠨ᠂ ᠬᠡᠦᠬᠡᠳ ᠤᠨ ᠰᠡᠳᠬᠢᠯ ᠳᠤ ᠬᠠᠤᠯᠢ ᠪᠠᠷ ᠵᠠᠰᠠᠬᠤ ᠤᠬᠠᠮᠰᠠᠷ ᠢ ᠪᠤᠢ ᠪᠤᠯᠭᠠᠬᠤ ᠶᠢᠨ ᠲᠥᠯᠥᠭᠡ ᠤᠶᠢᠷ᠎ᠠ ᠶᠢᠨ ᠡᠳᠦᠷ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ︽ᠮᠥᠴᠢᠷ︾ ᠨᠠᠰᠤᠨ ᠳᠤ ᠥᠯᠥ ᠭᠦᠷᠦᠭᠰᠡᠳ ᠤᠨ ᠪᠠᠶᠢᠴᠠᠭᠠᠬᠤ ᠪᠦᠯᠬᠦᠮ ᠬᠤᠰᠢᠭᠤ ᠨᠠᠷᠠᠨᠪᠤᠯᠠᠭ ᠬᠡᠦᠬᠡᠳ ᠤᠨ ᠴᠡᠴᠡᠷᠯᠢᠭ ᠲᠤ ᠬᠦᠷᠴᠦ᠂ ᠬᠠᠤᠯᠢ ᠲᠦᠭᠡᠮᠡᠯᠵᠢᠭᠦᠯᠬᠦ ᠲᠤᠰᠬᠠᠢ ᠰᠡᠳᠦᠪᠲᠦ ᠤᠬᠠᠭᠤᠯᠭ᠎ᠠ ᠶᠢᠨ ᠬᠢᠴᠢᠶᠡᠯ ᠦᠷᠨᠢᠬᠦᠯᠵᠡᠢ᠃      ᠠᠵᠢᠯᠯᠠᠭ᠎ᠠ ᠳᠤ᠂ ᠪᠠᠶᠢᠴᠠᠭᠠᠬᠤ ᠠᠵᠢᠯᠲᠠᠳ ᠬᠡᠦᠬᠡᠳ ᠤᠳ ᠲᠤ PPT᠂ ᠺᠠᠷᠲ᠋ᠣᠨ ᠵᠢᠷᠤᠭ᠂ ᠬᠡᠦᠬᠡᠳ ᠤᠨ ᠳᠠᠭᠤᠤ ᠪᠥᠵᠢᠭ ᠵᠡᠷᠭᠡ ᠶᠢ ᠰᠤᠨᠢᠷᠬᠠᠭᠤᠯᠬᠤ ᠪᠠᠷ ᠳᠠᠮᠵᠢᠨ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠬᠡᠦᠬᠡᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠬᠡᠵᠦ ᠶᠠᠭᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠳᠤ ᠤᠴᠠᠷᠠᠭᠰᠠᠨ ᠡᠰᠡᠬᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠠᠳᠠᠯᠢ ᠪᠤᠰᠤ ᠠᠭᠤᠯᠭ᠎ᠠ ᠬᠡᠯᠪᠡᠷᠢ ᠵᠡᠷᠭᠡ ᠶᠢ ᠲᠠᠶᠢᠯᠪᠤᠷᠢᠯᠠᠵᠤ᠂ ᠠᠮᠢᠳᠤᠯᠢᠭ ᠰᠣᠨᠢᠷᠬᠠᠯᠲᠠᠢ ᠠᠰᠠᠭᠤᠯᠲᠠ ᠬᠠᠷᠢᠭᠤᠯᠲᠠ᠂ ᠵᠦᠴᠦᠬᠡᠴᠢᠯᠡᠵᠦ ᠳᠠᠶᠢᠯᠪᠤᠷᠢᠯᠠᠬᠤ ᠵᠡᠷᠭᠡ ᠭᠤᠭᠴᠤᠭ᠎ᠠ ᠪᠠᠷ ᠳᠠᠮᠵᠢᠭᠤᠯᠤᠨ ᠬᠡᠦᠬᠡᠳ ᠢ ᠬᠥᠲᠥᠯᠥᠨ ᠵᠢᠯᠤᠭᠤᠳᠴᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠪᠠ ᠬᠠᠮᠲᠤ ᠰᠤᠷᠤᠭᠴᠢᠳ ᠤᠨ ᠬᠤᠭᠤᠷᠣᠨᠳᠣᠬᠢ ᠵᠦᠷᠢᠴᠡᠯ ᠮᠥᠷᠭᠦᠯᠳᠦᠭᠡᠨ ᠢ ᠵᠥᠪ ᠢᠶᠠᠷ ᠢᠯᠭᠠᠬᠤ ᠶᠢᠨ ᠬᠠᠮᠲᠤ ᠨᠠᠶᠢᠵᠠ ᠨᠦᠬᠦᠳ ᠬᠤᠭᠤᠷᠣᠨᠳᠤ ᠪᠠᠨ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠠᠭᠤᠴᠢᠯᠠᠵᠤ ᠪᠠᠭᠳᠠᠭᠠᠨ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠬᠠᠮᠲᠤ ᠪᠠᠷ ᠪᠠᠶᠢᠭᠤᠯᠵᠤ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠳᠠᠭ ᠰᠠᠶᠢᠨ ᠬᠡᠦᠬᠡᠳ ᠪᠣᠯᠬᠤ ᠪᠠᠷ ᠴᠢᠷᠮᠠᠶᠢᠬᠤ ᠶᠢ ᠵᠤᠷᠢᠭᠵᠢᠭᠤᠯᠵᠠᠢ᠃      ᠲᠠᠷᠠᠭᠠᠴᠢ ᠶᠢᠨ ᠠᠯᠬᠤᠮ ᠳᠤ᠂ ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠦᠷᠭᠦᠯᠵᠢᠯᠡᠨ ᠪᠥᠬᠦ ᠬᠤᠰᠢᠭᠤᠨ ᠤ ᠡᠯ᠎ᠡ ᠰᠤᠷᠭᠠᠭᠤᠯᠢ ᠳᠤ ᠭᠦᠨᠵᠡᠭᠡᠶᠢᠷᠡᠨ ᠬᠠᠤᠯᠢ ᠪᠠᠷ ᠵᠠᠰᠠᠬᠤ ᠬᠥᠮᠦᠵᠢᠯ  ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠦᠨ᠂ ᠰᠤᠷᠭᠠᠭᠤᠯᠢ᠂ ᠨᠡᠶᠢᠭᠡᠮ ᠲᠠᠢ ᠬᠠᠮᠲᠤ ᠪᠠᠷ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ  ᠳᠤ ᠬᠠᠤᠯᠢ ᠴᠠᠭᠠᠵᠠ ᠶᠢᠨ ᠪᠠᠳᠤᠯᠠᠭ᠎ᠠ ᠬᠠᠩᠭᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号