ᠦᠪᠡᠷᠮᠢᠴᠡ ᠤᠨᠴᠠᠯᠢᠭ ᠲᠠᠢ ᠬᠢᠴᠢᠶᠡᠯᠯᠡᠭᠡ ᠪᠠᠷ ᠳᠡᠦᠬᠡ ᠰᠤᠶᠤᠯ ᠢᠶᠠᠨ ᠤᠯᠠᠮᠵᠢᠯᠠᠨ᠎ᠠ
ᠨᠡᠶᠢᠲᠡᠯᠡᠭᠰᠡᠨ ᠴᠠᠭ᠄
2024/5/23
     2024 ᠣᠨ ᠤ ᠣᠯᠠᠨ ᠤᠯᠤᠰ ᠤᠨ ᠮᠦᠽᠧᠶ ᠶᠢᠨ ᠡᠳᠦᠷ ᠤᠨ ᠭᠤᠤᠯ ᠰᠡᠳᠦᠪ ᠪᠣᠯ ︽ᠮᠦᠽᠧᠶ ᠰᠤᠷᠭᠠᠨ ᠬᠥᠮᠦᠵᠢᠯ ᠪᠠ ᠰᠤᠳᠤᠯᠭᠠᠨ ᠳᠤ ᠬᠦᠴᠦ ᠪᠠᠨ ᠡᠷᠬᠦᠬᠦ︾ ᠪᠣᠯᠤᠨ᠎ᠠ᠃ ᠣᠯᠠᠨ ᠤᠯᠤᠰ ᠤᠨ ᠮᠦᠽᠧᠶ ᠶᠢᠨ ᠡᠳᠦᠷ ᠢ ᠳᠤᠬᠢᠶᠠᠯᠳᠤᠭᠤᠯᠤᠨ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠲᠥᠪ ᠬᠠᠮᠲᠤᠷᠠᠨ ᠣᠯᠠᠨ ᠤᠯᠤᠰ ᠤᠨ ᠮᠦᠽᠧᠶ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃      ᠠᠵᠢᠯᠯᠠᠭ᠎ᠠ ᠳᠤ᠂ ᠬᠤᠰᠢᠭᠤ ᠳᠥᠷᠪᠡᠳᠦᠭᠡᠷ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠬᠡᠰᠡᠭ ᠰᠤᠷᠤᠭᠴᠢ᠂ ᠲᠡᠦᠬᠡ ᠶᠢᠨ ᠳᠤᠷᠠᠰᠬᠠᠯᠲᠤ ᠵᠦᠶᠯᠡᠰ ᠢ ᠰᠣᠨᠢᠷᠬᠠᠭᠴᠢᠳ ᠨᠢᠭᠡ ᠲᠠᠩᠬᠢᠮ ᠳᠤ ᠴᠤᠭᠯᠠᠷᠠᠵᠤ᠂ ︽ᠲᠡᠦᠬᠡ ᠶᠢᠨ ᠳᠤᠷᠠᠰᠬᠠᠯᠲᠤ ᠵᠦᠢᠯᠡᠰ ᠤᠨ ᠬᠢᠴᠢᠶᠡᠯᠯᠡᠭᠡ︾ ᠰᠤᠨᠤᠰᠤᠨ᠂ ᠠᠵᠢᠯᠲᠠᠳ ᠤᠨ ᠳᠠᠶᠢᠯᠤᠮᠵᠢ ᠪᠠᠷ ᠳᠠᠮᠵᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠬᠠᠢ ᠮᠡᠳᠡᠯᠭᠡ ᠪᠣᠯᠤᠨ ᠳᠤᠮᠳᠠᠳᠤ ᠶᠢᠨ ᠲᠡᠦᠬᠡ ᠰᠣᠶᠣᠯ ᠢ ᠣᠶᠢᠯᠠᠭᠠᠭᠰᠠᠨ ᠤ ᠬᠠᠮᠳᠤ ᠮᠡᠳᠡᠯᠭᠡ ᠶᠢᠨ ᠰᠡᠳᠦᠪ ᠬᠠᠷᠢᠭᠤᠯᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠵᠤ᠂ ᠤᠯᠠᠨ ᠢᠶᠠᠷ ᠢᠶᠠᠨ ᠲᠡᠦᠬᠡ ᠶᠢᠨ ᠭᠦᠨ ᠬᠦᠨᠵᠡᠬᠡᠢ ᠶᠢ ᠮᠡᠳᠡᠷᠡᠵᠦ᠂ ᠡᠯᠪᠡᠭ ᠪᠠᠶᠠᠯᠢᠭ ᠰᠤᠶᠤᠯ ᠤᠨ ᠥᠪᠡᠷᠮᠢᠴᠡ ᠣᠨᠴᠠᠯᠢᠭ ᠢ ᠤᠶᠢᠯᠠᠭᠠᠯ᠎ᠠ᠃      ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠢ ᠪᠡᠶᠡᠴᠢᠯᠡᠨ ᠣᠶᠢᠯᠠᠭᠠᠬᠤ ᠭᠤᠭᠴᠤᠭ᠎ᠠ  ᠨᠢ᠂ ᠰᠤᠷᠤᠭᠴᠢᠳ ᠤᠨ ᠬᠠᠭᠤᠴᠢ ᠰᠤᠳᠤᠯᠤᠯ ᠤᠨ ᠳᠤᠷ᠎ᠠ ᠰᠣᠨᠢᠷᠬᠠᠯ ᠢ ᠬᠥᠭᠵᠢᠭᠡᠵᠦ᠂ ᠳᠡᠳᠡ ᠰᠣᠨᠢᠭᠤᠴᠢ ᠰᠡᠳᠬᠢᠯᠭᠡ ᠪᠠᠷ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠤᠴᠠ ᠶᠢ ᠠᠭᠤᠳᠠᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠡᠦᠬᠡ ᠶᠢᠨ ᠦᠨ᠎ᠡ ᠦᠷᠳᠡᠭ ᠪᠣᠯᠤᠨ ᠰᠣᠶᠣᠯ ᠤᠨ ᠠᠭᠤᠯᠤᠭᠳᠠᠬᠤᠨ ᠢ ᠣᠶᠢᠯᠠᠭᠠᠪᠠ᠃      ᠲᠣᠰ ᠤᠳᠠᠭᠠᠨ ᠤ ᠠᠵᠢᠯᠯᠠᠭ᠎ᠠ ᠨᠢ ᠰᠤᠷᠤᠭᠴᠢᠳ ᠤᠨ ᠲᠡᠦᠬᠡ ᠶᠢᠨ ᠳᠤᠷᠠᠰᠬᠠᠯᠲᠤ ᠵᠦᠶᠯᠡᠰ ᠢ ᠬᠠᠶᠢᠷᠠᠯᠠᠨ ᠬᠠᠮᠠᠭᠠᠯᠠᠬᠤ᠂ ᠲᠡᠦᠬᠡ ᠶᠢ ᠬᠦᠨᠳᠦᠳᠬᠡᠬᠦ ᠤᠬᠠᠮᠰᠠᠷ ᠢ ᠤᠯᠠᠮ ᠨᠢᠭᠡ ᠠᠯᠬᠤᠮ ᠬᠥᠮᠦᠵᠢᠭᠦᠯᠵᠦ᠂ ᠰᠤᠷᠤᠭᠴᠢᠳ ᠤᠨ ᠬᠠᠭᠤᠴᠢ ᠰᠤᠳᠤᠯᠤᠯ ᠢ ᠬᠠᠶᠢᠷᠠᠯᠠᠬᠤ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠡᠭᠦᠷᠭᠡ ᠬᠠᠷᠢᠭᠤᠴᠠᠯᠭᠠᠳᠤ ᠰᠡᠳᠬᠢᠯᠭᠡ ᠶᠢ ᠬᠦᠭᠵᠢᠬᠡᠨ᠂ ᠤᠯᠠᠨ ᠢᠶᠠᠷ ᠢᠶᠠᠨ᠂ ᠲᠡᠦᠬᠡ ᠰᠣᠶᠣᠯ ᠢ ᠨᠡᠩ ᠭᠦᠨᠵᠡᠭᠡᠢ ᠣᠶᠢᠯᠠᠭᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠭᠡᠷᠡᠴᠢᠯᠡᠭᠴᠢ᠂ ᠰᠣᠶᠣᠯ ᠤᠨ ᠵᠠᠯᠭᠠᠮᠵᠢᠯᠠᠭᠴᠢ ᠪᠣᠯᠬᠤ ᠪᠠᠷ ᠴᠢᠷᠮᠠᠶᠢᠨ᠎ᠠ ᠭᠡᠵᠦ ᠢᠯᠡᠷᠭᠡᠶᠢᠯᠡᠵᠡᠬᠡᠨ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号