ᠠᠯᠳᠠ ᠤᠯᠪᠠᠴᠤ ᠠᠮᠢᠨ ᠳᠤ ᠪᠠᠨ ᠠᠪᠬᠤ ᠦᠬᠡᠢ ᠠᠷᠠᠳ ᠲᠦᠮᠡᠨ ᠤ ᠡᠷᠬᠢᠮ ᠰᠤᠷᠳᠠᠯ
ᠨᠡᠶᠢᠲᠡᠯᠡᠭᠰᠡᠨ ᠴᠠᠭ᠄
2024/5/23
     ᠠᠯᠳᠠ ᠤᠯᠪᠠᠴᠤ ᠠᠮᠢᠨ ᠳᠤ ᠪᠠᠨ ᠠᠪᠬᠤ ᠦᠬᠡᠢ ᠳᠤᠮᠳᠠᠳᠤ ᠶᠢᠨ ᠤᠯᠠᠮᠵᠢᠯᠠᠯ ᠢᠶᠠᠷ᠂ ᠤᠶᠢᠷ᠎ᠠ ᠳᠤ ᠮᠠᠨ ᠤ ᠬᠤᠰᠢᠭᠤᠨ ᠤ ᠬᠡᠳᠦᠨ ᠰᠠᠭᠤᠭᠠᠯᠢ ᠠᠷᠠᠳ᠂ ᠨᠢᠬᠡᠨ ᠨᠠᠰᠤᠳᠠᠨ ᠤ ᠬᠡᠬᠡᠭᠰᠡᠨ 3400 ᠲᠦᠭᠦᠷᠢᠭ ᠢ ᠳᠤᠭ᠎ᠠ ᠪᠦᠷᠢᠨ ᠢᠶᠠᠷ ᠨᠢ ᠤᠯᠵᠤ ᠦᠭᠭᠦᠨ᠂ ᠪᠤᠯᠪᠠᠰᠤᠨ ᠠᠷᠠᠳ ᠤᠨ ᠡᠷᠬᠢᠮ ᠰᠤᠷᠳᠠᠯ ᠢ ᠪᠠᠳᠠᠷᠠᠭᠤᠯᠤᠯ᠎ᠠ᠃      ᠥᠷᠯᠥᠭᠡ ᠡᠷᠳᠡ᠂ 71 ᠨᠠᠰᠤᠳᠠᠢ ᠵᠧᠦ ᡁᠢ ᠢ ᠨᠠᠰᠤᠳᠠᠨ ᠳᠠᠯᠠᠷᠬᠠᠯ ᠤᠨ ᠬᠡᠮᠡᠷᠯᠢᠭ ᠲᠤᠭ ᠠᠪᠴᠤ ᠰᠠᠶᠢᠬᠠᠨᠲᠠᠯ᠎ᠠ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠳᠤ ᠬᠦᠷᠭᠡᠵᠦ᠂ ᠠᠷᠠᠳ ᠤᠨ ᠴᠠᠭᠳᠠᠭ᠎ᠠ ᠪᠣᠯᠤᠨ 3 ᠬᠠᠯᠠᠭᠤᠨ ᠰᠡᠳᠬᠢᠯᠳᠦ ᠤᠯᠠᠨ ᠲᠦᠮᠡᠨ ᠳᠤ ᠳᠠᠯᠠᠷᠬᠠᠯ ᠢᠶᠠᠨ ᠢᠯᠡᠷᠭᠡᠶᠢᠯᠡᠯ᠎ᠡ᠃      ︽ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠬᠡᠳᠦᠨ ᠮᠦᠩᠭᠦ ᠪᠠᠨ ᠪᠦᠬᠦᠨ ᠢ ᠭᠡᠭᠡᠭᠴᠢᠭᠡᠭᠰᠡᠨ ᠪᠤᠯ ᠶᠠᠭᠠᠭᠢᠳᠠᠭ ᠪᠢᠯᠡ᠃ ᠳᠠᠨᠠᠷ ᠲᠤ ᠪᠠᠨ ᠳᠠᠯᠠᠷᠬᠠᠵᠤ ᠪᠠᠶᠢᠨ᠎ᠠ ᠰᠢᠦ︾ ᠬᠡᠮᠡᠨ ᠨᠠᠰᠤᠳᠠᠨ ᠳᠤᠭᠳᠤᠯᠤᠨ ᠶᠠᠷᠢᠨ᠎ᠠ᠃      ᠤᠶᠢᠯᠠᠭᠠᠭᠰᠠᠨ ᠢᠶᠠᠷ᠂ 5 ᠰᠠᠷ᠎ᠠ ᠶᠢᠨ 8 ᠤ ᠦᠳᠡ ᠶᠢᠨ ᠬᠤᠶᠢᠨ᠎ᠠ᠂ ᠰᠠᠶᠢᠬᠠᠨᠲᠠᠯ᠎ᠠ ᠪᠠᠯᠭᠠᠰᠤᠨ ᠤ ᠲᠣᠮᠢᠯᠠᠭᠰᠠᠨ ᠰᠠᠯᠪᠤᠷᠢ ᠨᠠᠰᠤᠲᠠᠨ ᠤ ᠮᠡᠳᠡᠭᠦᠯᠦᠯᠲᠡ ᠶᠢᠨ ᠤᠳᠠᠰᠤ ᠶᠢ ᠳᠤᠰᠤᠭᠠᠳ ᠳᠠᠷᠤᠢ ᠲᠦᠷᠭᠡᠨ ᠳᠤᠬᠠᠢ ᠶᠢᠨ ᠳᠠᠯᠠᠪᠤᠷ ᠲᠤ ᠬᠦᠷᠴᠦ ᠪᠠᠶᠢᠳᠠᠯ ᠤᠶᠢᠯᠠᠭᠠᠪᠠᠯ᠂ ᠰᠠᠨᠳᠤᠷᠴᠤ ᠪᠠᠴᠢᠮᠳᠠᠭᠰᠠᠨ ᠳᠤ ᠪᠠᠨ ᠨᠢᠯᠪᠤᠰᠤ ᠪᠠᠨ ᠪᠠᠶᠢᠨ ᠳᠠᠬᠢᠨ ᠠᠷᠴᠢᠬᠤ ᠵᠧᠦ ᡁᠢ ᠢ ᠨᠠᠰᠤᠳᠠᠨ ᠦᠪᠡᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠦᠩᠭᠦ ᠪᠠᠨ ᠪᠠᠩᠭᠢᠨ ᠠᠴᠠ ᠭᠠᠷᠭᠠᠵᠤ ᠠᠪᠤᠭᠠᠳ ᠬᠠᠷᠢᠬᠤ ᠵᠠᠮ ᠳᠤ ᠪᠠᠨ ᠭᠡᠭᠡᠭᠰᠡᠨ ᠳᠤᠬᠠᠢ ᠪᠠᠨ ᠶᠠᠷᠢᠯ᠎ᠠ᠃      ᠠᠷᠠᠳ ᠤᠨ ᠴᠠᠭᠳᠠᠭ᠎ᠠ ᠨᠠᠷ ᠲᠡᠷᠡ ᠳᠠᠷᠤᠢ ᠳᠤ ᠪᠠᠨ ᠪᠠᠶᠢᠴᠠᠭᠠᠯᠳᠠ ᠦᠷᠨᠢᠬᠦᠯᠵᠦ᠂ ᠨᠠᠰᠤᠳᠠᠨ ᠤ ᠶᠠᠪᠤᠵᠤ ᠦᠩᠭᠡᠷᠡᠭᠰᠡᠨ ᠭᠠᠵᠠᠷ ᠤᠨ ᠬᠢᠨᠠᠨ ᠡᠵᠡᠮᠳᠡᠬᠦ ᠳᠤᠷᠠᠨ ᠢ ᠰᠢᠯᠭᠠᠬᠤ᠂ ᠡᠷᠬᠢᠨ ᠲᠣᠭᠤᠷᠢᠨ ᠤ ᠵᠠᠮ ᠳᠠᠭᠠᠤ ᠬᠤᠳᠠᠯᠳᠤᠭ᠎ᠠ ᠳᠡᠯᠭᠡᠭᠦᠷ ᠢᠶᠠᠷ ᠰᠤᠷᠪᠤᠯᠵᠢᠯᠠᠨ ᠪᠠᠶᠢᠴᠠᠭᠠᠬᠤ ᠵᠡᠷᠭᠡ ᠠᠵᠢᠯ ᠦᠷᠨᠢᠬᠦᠯᠦᠭᠰᠡᠨ ᠢᠶᠠᠷ᠂ ᠬᠢᠨᠠᠨ ᠡᠵᠡᠮᠳᠡᠬᠦ ᠳᠤᠷᠠᠨ ᠤ ᠲᠦᠷᠰᠦ ᠰᠢᠩᠭᠡᠭᠡᠯᠳᠡ ᠠᠴᠠ ᠨᠠᠰᠤᠳᠠᠨ ᠤ ᠮᠦᠩᠭᠦ ᠶᠢ 3 ᠬᠦᠮᠦᠨ ᠵᠠᠯᠭᠠᠭ᠎ᠠ ᠪᠠᠷ ᠤᠯᠵᠤ ᠠᠪᠤᠭᠰᠠᠨ ᠢ ᠮᠡᠳᠡᠭᠡᠳ᠂ ᠳᠡᠳᠡᠨ ᠤ ᠰᠤᠷᠠᠭ ᠵᠠᠩᠭᠢ ᠶᠢ ᠤᠯᠵᠤ ᠳᠠᠷᠤᠢ ᠲᠦᠷᠭᠡᠨ ᠬᠠᠷᠢᠯᠴᠠᠪᠠ᠃ ᠬᠠᠷᠢᠨ ᠨᠦᠬᠦᠬᠡ ᠳᠠᠯ᠎ᠠ ᠳᠤ᠂ ᠨᠠᠰᠤᠳᠠᠨ ᠤ ᠮᠦᠩᠭᠦ ᠶᠢ ᠤᠯᠵᠤ ᠠᠪᠤᠭᠰᠠᠨ 2 ᠰᠠᠭᠤᠭᠠᠯᠢ ᠠᠷᠠᠳ ᠸᠢᠴᠠᠲ ᠤᠨ ᠨᠠᠶᠢᠵᠠ ᠶᠢᠨ ᠳᠤᠭᠤᠷᠢᠭ ᠢᠶᠠᠷ ᠵᠠᠷ ᠨᠠᠶᠢᠳᠡᠯᠡᠵᠦ᠂ ᠮᠦᠩᠭᠦ ᠪᠠᠨ ᠭᠡᠭᠡᠭᠰᠡᠨ ᠬᠦᠮᠦᠨ ᠢ ᠡᠷᠢᠵᠦ ᠪᠠᠶᠢᠭᠰᠠᠨ ᠪᠤᠯᠬᠤᠷ᠂ ᠨᠠᠰᠤᠳᠠᠨ ᠤ ᠬᠡᠷ ᠤᠨ ᠬᠢᠨ  ᠲᠠᠢ ᠬᠠᠷᠢᠯᠴᠠᠵᠤ ᠤᠯᠤᠭᠰᠠᠨ ᠮᠦᠩᠭᠦ ᠪᠠᠨ ᠪᠦᠬᠦᠨ ᠢ ᠦᠭᠭᠦᠭᠰᠡᠨ ᠪᠠᠶᠢᠯ᠎ᠠ᠃ ᠦᠯᠡᠳᠡᠭᠰᠡᠨ ᠭᠡᠰᠡᠭ ᠮᠦᠩᠭᠦ ᠶᠢ ᠤᠯᠤᠭᠰᠠᠨ ᠨᠦᠬᠦᠬᠡ ᠨᠢᠬᠡ ᠰᠠᠭᠤᠭᠠᠯᠢ ᠠᠷᠠᠳ ᠭᠠᠷ ᠲᠠᠬᠢ ᠠᠵᠢᠯ ᠢᠶᠠᠨ ᠪᠠᠷᠠᠮᠠᠭᠴᠠ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠠᠢ ᠬᠠᠷᠢᠯᠴᠠᠵᠤ᠂ ᠰᠠᠨᠠᠭᠠᠴᠢᠯᠠᠭ᠎ᠠ ᠠᠴᠠ ᠪᠠᠨ ᠤᠯᠤᠭᠰᠠᠨ ᠮᠦᠩᠭᠦ ᠪᠠᠨ ᠳᠤᠰᠢᠶᠠᠵᠠᠢ᠃      ᠵᠤᠤ ᠬᠠᠢ ᠰᠢᠶᠠ᠂ ᠶᠠᠩ ᠰᠢᠶᠠᠩ ᠹᠠᠩ᠂ ᠼᠦᠢ ᠹᠧᠩ ᠯᠢᠶᠠᠨ ᠨᠠᠷ ᠤᠨ ᠠᠯᠲᠠ ᠣᠯᠤᠭᠠᠳ ᠠᠮᠢᠨ ᠳᠤ  ᠪᠠᠨ ᠠᠪᠬᠤ ᠦᠭᠡᠢ ᠡᠷᠬᠢᠮ ᠳᠡᠭᠡᠳᠦ ᠵᠠᠩ ᠰᠤᠷᠳᠠᠯ ᠨᠢ ᠨᠡᠶᠢᠬᠡᠮ ᠤᠨ ᠢᠳᠡᠪᠬᠢ ᠬᠦᠴᠦᠨ ᠢ ᠳᠠᠮᠵᠢᠭᠤᠯᠵᠤ᠂ ᠰᠢᠯᠢᠳᠡᠭ ᠵᠠᠩ ᠴᠢᠨᠠᠷ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠪᠦᠬᠦ ᠬᠤᠲᠠ ᠶᠢᠨ ᠪᠣᠯᠪᠠᠰᠤᠨ ᠤ ᠬᠡᠮᠵᠢᠶ᠎ᠡ ᠵᠢᠴᠢ ᠣᠯᠠᠨ ᠲᠦᠮᠡᠨ ᠤ ᠤᠬᠠᠮᠰᠠᠷ᠂ ᠬᠡᠪ ᠴᠢᠨᠠᠷ ᠤᠨ ᠳᠡᠭᠡᠭᠰᠢᠯᠡᠯᠳᠡ ᠶᠢ ᠬᠠᠷᠠᠭᠤᠯᠵᠤ ᠪᠠᠶᠢᠭ᠎ᠠ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号