ᠭᠤᠷᠪᠠᠳᠤᠭᠠᠷ ᠬᠤᠭᠤᠴᠠᠭᠠᠨ ᠤ 《 ᠦᠵᠡᠰᠬᠦᠯᠡᠩᠳᠦ ᠰᠥᠨᠢᠳ 》 ᠪᠡᠶ᠎ᠡ ᠲᠠᠮᠢᠷ ᠤᠨ ᠴᠤᠭᠯᠠᠭᠠᠨ ᠤ ᠨᠠᠰᠤᠲᠠᠶᠢᠴᠤᠳ ᠤᠨ ᠴᠢᠴᠢᠭᠦᠷ ᠪᠥᠮᠪᠦᠭᠡ ᠶᠢᠨ ᠤᠷᠤᠯᠳᠤᠭᠠᠨ ᠠᠮᠵᠢᠯᠳᠠᠳᠠᠢ ᠪᠤᠯᠵᠤ ᠦᠩᠭᠡᠷᠡᠯ᠎ᠡ
ᠨᠡᠶᠢᠲᠡᠯᠡᠭᠰᠡᠨ ᠴᠠᠭ᠄
2024/5/23
     ᠲᠦᠷᠦᠭᠦᠬᠡᠨ᠂ ᠬᠤᠰᠢᠭᠤ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶ᠎ᠠ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠬᠤᠰᠢᠭᠤ ᠰᠣᠶᠣᠯ ᠤᠨ ᠣᠷᠳᠣᠨ᠂ ᠮᠠᠨ ᠤ ᠬᠤᠰᠢᠭᠤᠨ ᠤ ᠵᠠᠯᠠᠭᠤᠰ ᠴᠢᠴᠢᠭᠦᠷ ᠪᠥᠮᠪᠦᠭᠡ ᠶᠢᠨ ᠺᠯᠦ᠋ᠪ ᠬᠠᠮᠲᠤᠷᠠᠨ ᠭᠤᠷᠪᠠᠳᠤᠭᠠᠷ ᠬᠤᠭᠤᠴᠠᠭᠠᠨ ᠤ 《 ᠦᠵᠡᠰᠬᠦᠯᠡᠩᠳᠦ ᠰᠥᠨᠢᠳ 》 ᠪᠡᠶ᠎ᠡ ᠲᠠᠮᠢᠷ ᠤᠨ ᠴᠤᠭᠯᠠᠭᠠᠨ ᠤ ᠨᠠᠰᠤᠲᠠᠶᠢᠴᠤᠳ ᠤᠨ ᠴᠢᠴᠢᠭᠦᠷ ᠪᠥᠮᠪᠦᠭᠡ ᠶᠢᠨ ᠤᠷᠤᠯᠳᠤᠭᠠᠨ ᠡᠷᠬᠢᠯᠡᠨ ᠶᠠᠪᠤᠭᠳᠠᠭᠤᠯᠵᠠᠢ᠃      ᠤᠷᠤᠯᠳᠤᠭᠠᠨ ᠢ ᠬᠠᠮᠳᠤ ᠨᠡᠶᠢᠳᠡ ᠪᠠ ᠭᠠᠭᠴᠠᠭᠠᠷ ᠴᠣᠬᠢᠬᠤ ᠬᠤᠶᠠᠷ ᠲᠦᠷᠦᠯ ᠢᠶᠠᠷ ᠬᠤᠪᠢᠶᠠᠨ ᠶᠠᠪᠤᠭᠳᠠᠭᠤᠯᠵᠤ᠂ ᠳᠤᠮᠳᠠᠳᠤ ᠮᠠᠶ᠋ᠢᠭ ᠤᠨ ᠨᠠᠶᠮᠠᠨ ᠪᠥᠮᠪᠦᠭᠡ ᠶᠢᠨ ᠳᠦᠷᠢᠮ ᠢᠶᠠᠷ ᠡᠭᠡᠯᠵᠢᠯᠡᠨ ᠪᠥᠮᠪᠦᠭᠡ ᠡᠬᠢᠯᠡᠬᠦᠯᠵᠦ ᠂ ᠡᠷᠡᠭᠲᠡᠶ ᠲᠠᠮᠢᠷᠴᠢᠨ ᠡᠮᠡᠭᠲᠡᠶ ᠲᠠᠮᠢᠷᠴᠢᠨ ᠳᠤ ᠨᠢᠭᠡ ᠪᠥᠮᠪᠦᠭᠡ ᠨᠠᠶᠢᠷ ᠳᠠᠯᠪᠢᠬᠤ ᠲᠦᠷᠢᠮ ᠢᠶᠠᠷ ᠶᠠᠪᠤᠭᠳᠠᠭᠤᠯᠤᠨ᠂ ᠪᠦᠬᠦ ᠬᠤᠰᠢᠭᠤᠨ ᠤ 64 ᠴᠢᠴᠢᠭᠦᠷ ᠪᠦᠮᠪᠦᠭᠡ ᠶᠢᠨ ᠪᠠᠭ᠋ᠠᠳᠠᠳ ᠤᠷᠤᠯᠳᠤᠭᠠᠨ ᠳᠤ ᠤᠷᠤᠯᠴᠠᠵᠤ᠂ ᠤᠷᠤᠯᠳᠤᠭᠠᠨ ᠤ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠨᠠᠰᠤᠳᠠᠶᠢᠴᠤᠳ ᠤᠨ ᠪᠥᠮᠪᠥᠭᠡᠨ  ᠤ ᠮᠡᠷᠭᠡᠵᠢᠯ ᠪᠠ ᠤᠷᠤᠭᠰᠢᠯᠠᠨ ᠳᠠᠪᠰᠢᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃      ᠨᠠᠰᠤᠲᠠᠶᠢᠴᠤᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠨᠢ ᠨᠢᠭᠡᠨᠲᠡ ᠮᠠᠨ ᠤ ᠬᠤᠰᠢᠭᠤᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠦᠶᠯᠡᠰ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠢᠯᠡᠷᠡᠬᠦᠯᠦᠨ᠂ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠡᠷᠡᠭᠦᠯ ᠴᠢᠭᠢᠷᠠᠭ ᠪᠡᠶ᠎ᠡ ᠮᠠᠬᠠᠪᠣᠳ ᠪᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ ᠢᠯᠡᠷᠡᠭᠦᠯᠬᠦ ᠴᠢᠬᠤᠯᠠ ᠲᠠᠪᠴᠠᠩ ᠪᠣᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶ᠎ᠠ ᠪᠣᠯᠤᠨ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ 《ᠦᠭᠡᠳᠡᠷᠡᠭ ᠡᠷᠡᠬᠦᠯ ᠨᠠᠰᠤᠳᠠᠶᠢᠴᠤᠳ 》 ᠪᠠ 《 ᠣᠷᠣᠯᠴᠠᠬᠤ ᠨᠢ ᠴᠢᠬᠤᠯᠠ᠂ ᠡᠷᠡᠭᠦᠯ ᠴᠢᠭᠢᠷᠠᠭ᠂ ᠪᠠᠶᠠᠷ ᠪᠠᠶᠠᠰᠤᠯ᠂ ᠶᠠᠪᠤᠯᠴᠠᠭ᠎ᠠ ᠰᠣᠯᠢᠯᠴᠠᠭ᠎ᠠ ᠶᠢ ᠴᠢᠬᠤᠯᠠᠴᠢᠯᠠᠬᠤ 》 ᠴᠢᠭᠯᠡᠯᠲᠡ ᠶᠢ ᠦᠷᠭᠦᠯᠵᠢᠯᠡᠨ ᠪᠠᠷᠢᠮᠲᠠᠯᠠᠵᠤ᠂ ᠨᠠᠩ ᠣᠯᠠᠨ ᠬᠡᠯᠪᠡᠷᠢ ᠶᠢᠨ ᠠᠵᠢᠯᠯᠠᠭ᠎ᠠ ᠶᠢ ᠴᠢᠷᠮᠠᠶᠢᠨ ᠥᠷᠨᠢᠭᠦᠯᠵᠦ᠂ 《 ᠠᠮᠤᠷ ᠲᠦᠪᠰᠢᠨ ᠣᠯᠠᠨ ᠶᠠᠩᠵᠤ ᠶᠢᠨ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠠᠷᠪᠢᠴᠢ ᠭᠠᠮᠲᠠᠶ ᠠᠷᠢᠭᠤᠨ ᠴᠢᠬᠡᠴᠢ᠂ ᠰᠣᠯᠢᠯᠴᠠᠭ᠎ᠠ ᠬᠢᠵᠦ ᠬᠡᠷᠡᠯ ᠭᠢᠯᠪᠠᠭ᠎ᠠ ᠪᠠᠨ ᠰᠠᠴᠤᠷᠠᠭᠤᠯᠬᠤ 》 ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠪᠠᠶᠢᠩᠭᠤ ᠦᠷᠨᠢᠬᠦᠯᠵᠦ ᠪᠠᠶᠢᠭ᠎ᠠ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号