ᠠᠵᠤ ᠦᠢᠯᠡᠰ ᠢᠶᠠᠷ ᠵᠡᠮᠳᠡᠭᠴᠦᠳ ᠢ ᠳᠤᠰᠠᠯᠠᠵᠦ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/5/28
     ᠣᠶᠢᠷ᠎ᠠ ᠶᠢᠨ ᠡᠳᠦᠷ᠂ ᠬᠤᠰᠢᠭᠤ ᠵᠡᠮᠳᠡᠭᠴᠦᠳ ᠤᠨ ᠬᠤᠯᠪᠣᠭ᠎ᠠ ᠳᠡᠭᠡᠳᠦ ᠱᠠᠲᠤᠨ ᠤ ᠪᠡᠯᠡ ᠮᠥᠩᠭᠦ ᠶᠢ ᠭᠤᠶᠤᠴᠢᠯᠠᠨ ᠣᠯᠵᠤ᠂ ᠰᠠᠶᠢᠬᠠᠠᠠᠦ᠋ᠯᠵᠡᠢ ᠰᠤᠮᠤᠨ ᠤ ᠰᠠᠶᠢᠬᠠᠨᠪᠦ᠋ᠷᠢᠨ ᠭᠠᠴᠠᠭᠠᠨ ᠤ ᠲᠤᠮᠳ᠋ᠬᠤᠰᠤ ᠮᠠᠯᠴᠢᠳ ᠤᠨ ᠲᠡᠵᠢᠭᠡᠨ ᠦᠷᠡᠵᠢᠬᠦᠯᠬᠦ ᠲᠤᠰᠬᠠᠢ ᠬᠤᠷᠰᠢᠶᠠᠵᠢᠯ ᠲᠠᠢ ᠬᠠᠮᠲᠤᠷᠠᠨ ᠪᠠᠶᠢᠭᠤᠯᠤᠭᠰᠠᠨ ︽ᠠᠵᠤ ᠦᠢᠯᠡᠰ ᠢᠶᠠᠷ ᠵᠡᠮᠳᠡᠭᠴᠦᠳ ᠢ ᠲᠤᠰᠠᠯᠠᠬᠤ︾ ᠲᠥᠷᠥᠯ ᠵᠦᠢᠯ ᠨᠢ ᠮᠠᠨ ᠤ ᠬᠤᠰᠢᠭᠤᠨ ᠤ ᠠᠩᠬᠠᠳᠠᠭᠴᠢ ᠠᠵᠤ ᠦᠢᠯᠡᠰ ᠢᠶᠠᠷ ᠵᠡᠮᠳᠡᠭᠴᠦᠳ ᠢ ᠲᠤᠰᠠᠯᠠᠬᠤ ᠵᠢᠱᠢᠶ᠎ᠡ ᠦᠵᠡᠭᠦᠯᠬᠦ ᠰᠠᠭᠤᠷᠢᠨ ᠪᠣᠯᠵᠤ᠂ ᠵᠡᠮᠳᠡᠭᠴᠦᠳ ᠤᠨ ᠣᠷᠣᠯᠭ᠎ᠠ ᠶᠢ ᠨᠡᠮᠡᠭᠳᠡᠬᠦᠯᠦᠨ᠂ ᠠᠵᠤ ᠦᠢᠯᠡᠰ ᠤᠨ ᠦᠷ᠎ᠡ ᠠᠰᠢᠭ ᠢᠶᠠᠷ ᠬᠦᠮᠦᠰ ᠤᠨ ᠰᠡᠳᠬᠢᠯ ᠢ ᠲᠤᠯᠠᠭᠠᠴᠠᠭᠤᠯᠪᠠ᠃      ᠨᠢᠳᠤᠨᠤᠨ ᠡᠪᠤᠯ ᠬᠤᠰᠢᠭᠤ ᠵᠡᠮᠳᠡᠭᠴᠦᠳ ᠤᠨ ᠬᠤᠯᠪᠣᠭ᠎ᠠ ᠠᠶᠢᠮᠠᠭ ᠤᠨ ᠵᠡᠮᠳᠡᠭᠴᠦᠳ ᠤᠨ ᠬᠤᠯᠪᠤᠭᠠᠨ ᠠᠴᠠ 20 ᠲᠦᠮᠡᠨ ᠲᠥᠭᠦᠷᠢᠭ ᠤᠨ ᠪᠡᠯᠡ ᠮᠥᠩᠭᠦ ᠭᠤᠶᠤᠴᠢᠯᠠᠨ 110 ᠡᠬᠡ ᠮᠠᠯ ᠬᠤᠳᠠᠯᠳᠤᠨ ᠠᠪᠴᠤ᠂ ᠮᠠᠯᠴᠢᠨ ᠵᠧᠦ ᠵᠢᠶᠠᠨ ᠬᠠᠢ ᠶᠢᠨ ᠬᠤᠷᠰᠢᠶᠠᠵᠢᠯ ᠳᠤ 5 ᠵᠢᠯ ᠤᠨ ᠬᠤᠭᠤᠴᠠᠭ᠎ᠠ ᠲᠠᠢ ᠳᠠᠭᠠᠭᠠᠴᠢᠯᠠᠭᠤᠯᠬᠤ ᠶᠢᠨ ᠬᠠᠮᠲᠦ ᠬᠤᠷᠰᠢᠶᠠᠵᠢᠯ ᠠᠴᠠ ᠵᠢᠯ ᠪᠦᠷᠢ 5 ᠲᠦᠮᠡᠨ ᠲᠦᠭᠦᠷᠢᠭ ᠤᠨ ᠠᠰᠢᠭ ᠬᠦᠷᠳᠡᠵᠦ᠂ ᠭᠠᠴᠠᠭᠠᠨ ᠤ ᠵᠡᠮᠳᠡᠭ ᠡᠷᠦᠬᠡ ᠶᠢᠨ ᠠᠵᠤ ᠦᠢᠯᠡᠰ ᠤᠨ ᠬᠥᠭᠵᠢᠯᠲᠡ ᠵᠢᠴᠢ ᠵᠡᠮᠳᠡᠭᠴᠦᠳ ᠢ ᠠᠪᠤᠷᠠᠨ ᠲᠤᠰᠠᠯᠠᠬᠤ ᠳᠤ ᠬᠡᠷᠡᠭᠯᠡᠬᠦ ᠪᠠᠷ ᠪᠤᠯᠪᠠ      ᠳᠠᠷᠠᠭᠠᠴᠢ ᠶᠢᠨ ᠠᠯᠬᠤᠮ ᠳᠤ᠂ ᠬᠤᠰᠢᠭᠤ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠢ ᠲᠡᠳᠬᠦᠬᠦ ᠠᠷᠭ᠎ᠠ ᠬᠡᠯᠪᠡᠷᠢ ᠪᠠᠨ ᠦᠷᠭᠦᠯᠵᠢᠯᠡᠨ ᠰᠢᠨᠡᠴᠢᠯᠡᠵᠦ᠂ ᠵᠡᠮᠳᠡᠭᠴᠦᠳ ᠤᠨ ᠠᠵᠢᠯ ᠣᠯᠵᠤ ᠤᠶᠢᠯᠡᠰ ᠪᠤᠰᠬᠠᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭ᠎ᠠ ᠠᠳᠬᠤᠵᠦ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠡᠳᠬᠡᠨ᠂ ᠲᠠᠪᠴᠠᠩ ᠪᠠᠶᠢᠭᠤᠯᠬᠤ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠦ᠂ ᠵᠡᠮᠳᠡᠭᠴᠦᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠂ ᠵᠡᠮᠳᠡᠭᠴᠦᠳ ᠤᠨ ᠣᠷᠣᠯᠭ᠎ᠠ ᠶᠢᠨ ᠲᠤᠭᠳᠠᠭᠤᠨ ᠢ ᠪᠠᠲᠤᠯᠠᠵᠤ᠂ ᠲᠡᠳᠡᠨ ᠳᠤ ᠨᠡᠩ ᠢᠯᠡᠬᠦᠤ ᠵᠤᠯ ᠵᠢᠷᠭᠠᠯ ᠠᠮᠵᠢᠯᠳᠠ ᠪᠦᠲᠦᠮᠵᠢ ᠤᠯᠭᠤᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号