ᠰᠤᠨᠢᠷᠬᠠᠯᠳᠠᠢ ᠪᠡᠶ᠎ᠡ ᠳᠠᠮᠢᠷ ᠤᠨ ᠴᠤᠭᠯᠠᠭᠠᠨ ᠢᠶᠠᠷ ᠵᠡᠮᠳᠡᠭᠴᠦᠳ ᠢᠶᠠᠨ ᠪᠠᠶᠠᠰᠬᠠᠯ᠎ᠠ
ᠨᠡᠶᠢᠲᠡᠯᠡᠭᠰᠡᠨ ᠴᠠᠭ᠄
2024/5/28
     ᠭᠤᠴᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠢ ᠳᠤᠬᠢᠶᠠᠯᠳᠤᠭᠤᠯᠤᠨ᠂ ᠬᠤᠰᠢᠭᠤ ᠵᠡᠮᠳᠡᠭᠴᠦᠳ ᠤᠨ ᠬᠤᠯᠪᠣᠭᠠᠲᠤ ᠬᠤᠷᠠᠯ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠲᠤᠰᠠᠯᠠᠵᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ︾ ᠭᠤᠤᠯ ᠰᠡᠳᠦᠪᠳᠦ ᠪᠡᠶ᠎ᠡ ᠲᠠᠮᠢᠷ  ᠤᠨ ᠴᠤᠭᠯᠠᠭᠠᠨ ᠡᠷᠬᠢᠯᠡᠨ ᠶᠠᠪᠤᠭᠳᠠᠭᠤᠯᠵᠠᠢ᠃ ᠬᠤᠰᠢᠭᠤ ᠵᠡᠮᠳᠡᠭᠴᠦᠳ ᠤᠨ ᠬᠤᠯᠪᠣᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠲᠥᠪ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠂ 25 ᠵᠡᠮᠳᠡᠭ ᠬᠥᠮᠦᠨ ᠴᠤᠭᠯᠠᠭᠠᠨ ᠳᠤ ᠤᠷᠤᠯᠴᠠᠵᠠᠢ᠃      ᠲᠠᠮᠢᠷ ᠤᠨ ᠴᠤᠭᠯᠠᠭᠠᠨ ᠳᠤ᠂ ᠳᠡᠪᠡᠭ ᠰᠢᠳᠡᠬᠦ᠂ ᠪᠥᠮᠪᠦᠭᠡ ᠰᠢᠳᠡᠬᠦ᠂ ᠣᠮᠳᠠᠭᠠᠨ ᠪᠦᠮᠪᠦᠷᠢᠬᠦᠯᠬᠦ᠂ ᠰᠢᠷᠡᠭᠡᠨ ᠳᠡᠭᠡᠷ᠎ᠡ ᠪᠦᠮᠪᠦᠭᠡ ᠳᠤᠭᠯᠠᠬᠤ ᠵᠡᠷᠭᠡ ᠰᠤᠨᠢᠷᠬᠠᠯᠳᠠᠢ ᠤᠷᠤᠯᠳᠤᠭᠠᠨ ᠤ ᠲᠥᠷᠥᠯ ᠵᠦᠶᠯ ᠢ ᠲᠣᠬᠢᠷᠠᠭᠤᠯᠵᠤ᠂ ᠤᠷᠤᠯᠳᠤᠭᠠᠨ ᠳᠤ ᠣᠷᠣᠯᠴᠠᠭᠰᠠᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠳᠡᠪᠬᠢᠲᠡᠶ ᠣᠷᠣᠯᠴᠠᠵᠤ᠂ ᠬᠠᠷᠢᠯᠴᠠᠨ ᠵᠣᠷᠢᠭᠵᠢᠭᠤᠯᠵᠤ᠂ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠪᠠ ᠡᠷᠡᠯᠬᠡᠭᠯᠡᠨ ᠲᠡᠮᠡᠴᠡᠬᠦ ᠪᠦᠯᠬᠦᠮᠳᠡᠯ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠣᠯᠠᠨ ᠤ ᠴᠢᠷᠠᠶ ᠳᠤ ᠢᠨᠢᠶᠡᠮᠰᠦᠭᠯᠡᠯ ᠲᠣᠳᠣᠷᠠᠵᠤ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃      ᠠᠵᠢᠯᠯᠠᠭ᠎ᠠ ᠳᠤ᠂ ᠬᠤᠰᠢᠭᠤ ᠵᠡᠮᠳᠡᠭᠴᠦᠳ ᠤᠨ ᠬᠤᠯᠪᠣᠭ᠎ᠠ ᠨᠢ ᠤᠷᠤᠯᠳᠤᠭᠠᠨ ᠳᠤ ᠣᠷᠣᠯᠴᠠᠭᠰᠠᠳ ᠲᠤ ᠱᠠᠩᠨᠠᠯ ᠭᠠᠷᠳᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠪᠠᠰᠠ ᠵᠡᠮᠳᠡᠭᠴᠦᠳ ᠲᠤ ᠦᠨ᠎ᠡ ᠲᠦᠯᠦᠪᠦᠷᠢ ᠦᠬᠡᠢ ᠪᠠᠷ ᠬᠡᠵᠢᠬᠡ ᠵᠠᠰᠠᠬᠤ ᠬᠠᠯᠠᠮᠵᠢ ᠶᠢᠨ ᠠᠵᠢᠯᠯᠠᠭ᠎ᠠ ᠥᠷᠨᠢᠭᠦᠯᠵᠦ᠂ ᠵᠡᠮᠳᠡᠭᠴᠦᠳ ᠢ ᠬᠠᠶᠢᠷᠠᠯᠠᠬᠤ ᠵᠡᠮᠳᠡᠭᠴᠦᠳ ᠲᠤ ᠳᠤᠰᠠᠯᠠᠬᠤ ᠶᠢ ᠪᠤᠳᠠᠳᠠᠢ ᠦᠢᠯᠡᠳᠦᠯᠬᠡᠵᠢᠬᠦᠯᠵᠡᠢ᠃      ᠵᠡᠮᠳᠡᠭᠴᠦᠳ ᠤᠨ ᠦᠢᠯᠡᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ  ᠤᠨ ᠴᠢᠬᠤᠯᠠ ᠪᠦᠷᠢᠯᠳᠦᠬᠦᠨ ᠬᠡᠰᠡᠭ ᠮᠥᠨ᠂ ᠵᠡᠮᠳᠡᠭᠴᠦᠳ ᠢ ᠲᠡᠳᠬᠦᠨ ᠲᠤᠰᠠᠯᠠᠬᠤ ᠪᠣᠯ ᠨᠡᠶᠢᠭᠡᠮ ᠤᠨ ᠪᠣᠯᠪᠠᠰᠤᠨ  ᠤ ᠳᠠᠪᠰᠢᠯᠲᠠ ᠶᠢᠨ ᠴᠢᠬᠤᠯᠠ ᠪᠡᠯᠭᠡ ᠲᠡᠮᠳᠡᠭ ᠮᠥᠨ᠃ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠵᠡᠮᠳᠡᠭᠴᠦᠳ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠤᠯᠠᠮ ᠨᠢᠭᠡ ᠠᠯᠬᠤᠮ ᠬᠦᠷᠲᠡᠭᠡᠵᠦ᠂ ᠵᠡᠮᠳᠡᠭᠴᠦᠳ ᠤᠨ ᠲᠤᠬᠠᠶ ᠨᠡᠶᠢᠲᠡ ᠣᠯᠠᠨ ᠤ ᠠᠩᠬᠠᠷᠤᠯ ᠪᠠ ᠣᠶᠢᠯᠠᠭᠠᠯᠲᠠ ᠶᠢ ᠳᠡᠭᠡᠭᠰᠢᠯᠡᠭᠦᠯᠦᠨ᠂ ᠨᠡᠩ ᠡᠶ᠎ᠡ ᠵᠣᠬᠢᠴᠠᠯ ᠲᠠᠢ ᠨᠡᠶᠢᠭᠡᠮ  ᠢ ᠬᠠᠮᠲᠤᠪᠠᠷ ᠴᠣᠭᠴᠠᠯᠠᠨ ᠪᠠᠶᠢᠭᠤᠯᠵᠤ᠂ ᠵᠡᠮᠳᠡᠭᠴᠦᠳ ᠢ ᠬᠠᠮᠲᠤᠪᠠᠷ ᠠᠭᠤᠰᠤᠯᠴᠠᠭᠤᠯᠬᠤ ᠨᠥᠬᠦᠷᠰᠡᠭ ᠪᠣᠯᠪᠠᠰᠤᠨ ᠬᠡᠪ ᠰᠤᠷᠲᠠᠯ ᠢ ᠪᠣᠶ ᠪᠣᠯᠭᠠᠬᠤ ᠪᠣᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号