︽ᠲᠠᠪᠤᠨ ᠤᠳᠤᠲᠦ ᠤᠯᠠᠭᠠᠨ ᠲᠤᠭ︾ ᠤᠮᠠᠷᠠᠲᠦ ᠬᠢᠯᠢ ᠶᠢᠨ ᠬᠦᠳᠡᠭᠡ ᠨᠤᠳᠤᠭ ᠲᠤ ᠨᠠᠮᠢᠷᠠᠨ᠎ᠠ
ᠨᠡᠶᠢᠲᠡᠯᠡᠭᠰᠡᠨ ᠴᠠᠭ᠄
2024/5/28
     ᠪᠦᠦ ᠴᠢᠦᠸᠡᠨ ᠰᠢ ᠪᠣᠯ ᠮᠠᠨ ᠤ ᠬᠤᠰᠢᠭᠤᠨ ᠤ ᠵᠢᠷᠦᠬᠡ ᠪᠠᠯᠭᠠᠰᠤᠨ ᠤ ᠪᠠᠶᠠᠨᠭᠤᠣᠯ ᠭᠠᠴᠠᠭᠠᠨ ᠤ ᠨᠠᠮ ᠤᠨ ᠭᠡᠰᠢᠭᠦᠨ ᠤ ᠭᠤᠤᠯᠳᠠᠯᠭᠠᠲᠦ ᠡᠷᠦᠬᠡ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠭᠠᠴᠠᠭᠠᠨ ᠤ ᠳᠡᠮᠵᠢᠯᠭᠡ ᠳᠣᠣᠷ᠎ᠠ᠂ ︽ᠤᠳᠤᠲᠠᠢ︾ ᠵᠢᠭᠤᠯᠴᠢᠯᠠᠯ ᠤᠨ ᠭᠠᠵᠠᠷ ᠢ ᠡᠭᠦᠳᠦᠨ ᠪᠠᠶᠢᠭᠤᠯᠵᠤ᠂ ᠦᠨᠡᠨᠴᠢ ᠢᠲᠡᠭᠡᠮᠵᠢᠲᠡᠢ ᠳᠤᠳᠤᠨᠤᠰᠤᠭ ᠡᠵᠡᠩᠨᠡᠯᠳᠡ ᠪᠠᠷ ᠢᠶᠠᠨ ᠬᠡᠪᠴᠢᠶᠡᠵᠢᠯ ᠢᠶᠠᠨ ᠠᠯᠬᠤᠮ ᠠᠯᠬᠤᠮ ᠢᠶᠠᠷ ᠦᠷᠭᠡᠳᠬᠡᠨ᠂ ᠡᠷᠭᠢᠨ ᠲᠣᠭᠤᠷᠢᠨ ᠤ ᠮᠠᠯᠴᠢᠳ ᠤᠨ ᠠᠵᠢᠯ ᠤᠯᠭᠤᠯᠳᠠ ᠪᠠ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠪᠠ᠃ ᠲᠡᠷᠡ ᠠᠮᠢᠳᠤᠷᠠᠯ ᠳᠤᠮᠳᠠ ᠪᠠᠨ ᠴᠠᠭ ᠢᠮᠠᠭᠲᠠ ᠨᠢᠭᠡᠨ ᠰᠢᠯᠢᠳᠡᠭ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠵᠢᠱᠢᠶᠡᠴᠢ ᠬᠤᠰᠢᠭᠤᠴᠢ ᠦᠢᠯᠡᠳᠦᠯ ᠢᠶᠠᠨ ᠪᠠᠳᠠᠷᠠᠭᠤᠯᠤᠨ᠂ ᠮᠠᠯᠵᠢᠬᠤ ᠦᠢᠯᠡᠳᠪᠦᠷᠢᠯᠡᠯ ᠤᠨ ᠴᠢᠯᠦᠭᠡ ᠵᠠᠪ ᠢᠶᠠᠷ ᠢᠶᠠᠨ ᠬᠥᠳᠡᠯᠮᠦᠷᠢ ᠬᠦᠴᠦ ᠳᠤᠲᠠᠭᠳᠠᠵᠤ ᠪᠠᠶᠢᠭ᠎ᠠ ᠠᠶᠢᠯ ᠰᠠᠭᠠᠬᠠᠯᠲᠠ ᠶᠢᠨ ᠬᠢᠨ ᠳᠤ ᠬᠦᠷᠴᠦ ᠡᠪᠡᠰᠦ ᠪᠣᠷᠳᠤᠭ᠎ᠠ᠂ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠢ ᠨᠢ ᠵᠦᠭᠡᠭᠡᠪᠦᠷᠢᠯᠡᠨ᠂ ᠡᠷᠭᠢᠨ ᠲᠣᠭᠤᠷᠢᠨ ᠤ ᠮᠠᠯᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠦᠭᠴᠦ᠂ ᠨᠠᠮ ᠤᠨ ᠰᠠᠶᠢᠨ ᠲᠥᠷᠥ ᠶᠢᠨ ᠪᠣᠳᠣᠯᠭ᠎ᠠ ᠶᠢ ᠡᠷᠦᠬᠡ ᠪᠤᠯᠭᠠᠨ ᠳᠤ ᠤᠯᠠᠮᠵᠢᠯᠠᠳᠠᠭ ᠪᠠᠶᠢᠨ᠎ᠠ᠃ ᠪᠦᠬᠦ ᠠᠶᠢᠮᠠᠭ ᠤᠨ ︽ᠲᠠᠪᠤᠨ ᠤᠳᠤᠲᠦ ᠤᠯᠠᠭᠠᠨ ᠲᠤᠭ︾ ᠢᠶᠠᠨ ᠡᠬᠡ ᠤᠯᠤᠰ ᠤᠨ ᠤᠮᠠᠷᠠᠲᠦ ᠬᠢᠯᠢ ᠳᠤ ᠨᠠᠮᠢᠷᠠᠭᠤᠯᠬᠤ ᠠᠵᠢᠯᠯᠠᠭ᠎ᠠ ᠳᠤ ᠪᠤᠤ ᠴᠢᠤᠸᠠᠨ ᠰᠢ ᠢᠳᠡᠪᠬᠢᠲᠠᠢ ᠤᠷᠤᠯᠴᠠᠨ᠂ ᠡᠬᠡ ᠤᠯᠤᠰ ᠠᠭᠤᠤ ᠨᠠᠮ ᠢᠶᠠᠨ ᠴᠤᠤᠷᠢᠶᠠᠳᠤᠨ ᠲᠠᠭᠠᠬᠤ ᠰᠡᠳᠬᠢᠯᠭᠡ ᠪᠠᠨ ᠢᠯᠡᠷᠡᠬᠦᠯᠦᠭᠰᠡᠨ ᠪᠠᠶᠢᠨ᠎ᠠ᠃      ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠳᠤ ᠶᠢ ᠵᠠᠰᠠᠬᠤ ᠰᠢᠨ᠎ᠡ ᠰᠡᠳᠬᠢᠴᠡ ᠶᠢ ᠰᠦᠪᠡᠭᠴᠢᠯᠡᠵᠦ᠂ ᠨᠠᠮ ᠤᠨ ᠭᠡᠰᠢᠭᠦᠨ ᠣᠯᠠᠨ ᠲᠦᠮᠡᠨ ᠲᠠᠢ ᠬᠠᠷᠢᠯᠴᠠᠵᠤ ᠣᠯᠠᠨ ᠲᠦᠮᠡᠨ ᠳᠤ ᠦᠢᠯᠡᠴᠢᠯᠡᠬᠦ ᠰᠢᠨ᠎ᠡ ᠠᠷᠭ᠎ᠠ ᠵᠠᠮ ᠢ ᠦᠷᠭᠡᠳᠬᠡᠨ᠂ ᠳᠠᠷᠠᠭᠠᠴᠢ ᠶᠢᠨ ᠠᠯᠬᠤᠮ ᠳᠤ ᠮᠠᠨ ᠤ ᠬᠤᠰᠢᠭᠤ ᠨᠢ ︽ᠪᠠᠶᠢᠭᠤᠯᠬᠤ᠂ ᠬᠠᠮᠢᠶᠠᠷᠬᠤ᠂ ᠬᠡᠷᠡᠭᠯᠡᠬᠦ︾ ᠶᠢ ᠦᠷᠭᠦᠯᠵᠢᠯᠡᠨ ᠴᠢᠩᠭ᠎ᠠ ᠠᠳᠬᠤᠵᠦ᠂ ︽ᠨᠠᠮ ᠤᠨ ᠭᠡᠰᠢᠬᠦᠨ ᠤ ᠭᠤᠣᠯᠳᠠᠯᠭᠠᠲᠤ ᠡᠷᠦᠬᠡ︾ ᠪᠠᠷ ᠵᠠᠩᠭᠢᠯᠠᠭ᠎ᠠ ᠪᠤᠯᠭᠠᠨ᠂ ᠨᠠᠮ ᠤᠨ ᠭᠡᠰᠢᠬᠦᠨ᠂ ᠵᠣᠬᠢᠶᠠᠨ ᠪᠠᠶᠢᠭᠤᠯᠤᠯᠲᠠ ᠶᠢᠨ ᠤᠶᠢᠯᠡᠳᠦᠯ ᠢ ᠶᠡᠬᠡᠪᠡᠷ ᠪᠠᠳᠠᠷᠠᠭᠤᠯᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号