︽ᠰᠣᠶᠣᠯ ᠢᠶᠠᠷ ᠵᠡᠮᠳᠡᠭᠴᠦᠳ ᠢ ᠲᠤᠰᠠᠯᠠᠵᠤ ᠬᠦᠰᠡᠯ ᠮᠦᠷᠦᠭᠡᠳᠦᠯ ᠢᠶᠠᠨ ᠪᠡᠶᠡᠯᠡᠬᠦᠯᠬᠦ︾ ᠭᠤᠤᠯ ᠰᠡᠳᠦᠪᠳᠦ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠤᠷᠠᠨ ᠰᠠᠶᠢᠬᠠᠨ ᠤ ᠲᠣᠭᠯᠠᠯᠲᠠ ᠠᠮᠵᠢᠯᠳᠠᠳᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2024/5/30
     ᠤᠶᠢᠷ᠎ᠠ ᠶᠢᠨ ᠡᠳᠦᠷ᠂ ᠬᠤᠰᠢᠭᠤ ᠵᠡᠮᠳᠡᠭᠴᠦᠳ ᠤᠨ ᠬᠤᠯᠪᠤᠭᠠᠳᠤ ᠬᠤᠷᠠᠯ᠂ ᠰᠠᠶᠢᠬᠠᠠᠠᠦ᠋ᠯᠵᠡᠢ ᠰᠤᠮᠤ ᠬᠠᠮᠲᠤᠷᠠᠨ ︽ᠰᠣᠶᠣᠯ ᠢᠶᠠᠷ ᠵᠡᠮᠳᠡᠭᠴᠦᠳ ᠢ ᠲᠤᠰᠠᠯᠠᠵᠤ ᠬᠦᠰᠡᠯ ᠮᠦᠷᠦᠭᠡᠳᠦᠯ ᠢᠶᠠᠨ ᠪᠡᠶᠡᠯᠡᠬᠦᠯᠬᠦ︾ ᠭᠤᠤᠯ ᠰᠡᠳᠦᠪᠳᠦ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠶᠠᠪᠤᠭᠳᠠᠭᠤᠯᠵᠠᠢ᠃      ᠤᠯᠠᠭᠠᠨᠮᠥ᠋ᠴᠢᠷ ᠤᠨ ᠭᠡᠰᠢᠭᠦᠳ ᠤᠨ ᠳᠤᠭᠯᠠᠭᠰᠠᠨ ᠮᠣᠷᠢᠨ ᠬᠤᠭᠤᠷ ᠤᠨ ᠡᠭᠡᠰᠢᠭ ︽ᠲᠦᠮᠡᠨ ᠠᠭᠲᠠ ᠶᠢᠨ ᠲᠦᠪᠡᠷᠭᠡᠨ︾ ᠢᠶᠠᠷ ᠠᠵᠢᠯᠯᠠᠭᠠᠨ ᠤ ᠰᠠᠯᠬᠢ ᠶᠢ ᠬᠠᠭᠠᠯᠵᠤ᠂ ᠮᠠᠯᠴᠢᠨ ᠲᠦᠮᠡᠨ ᠵᠢᠴᠢ ᠤᠯᠠᠭᠠᠨᠮᠥ᠋ᠴᠢᠷ ᠤᠨ ᠭᠡᠰᠢᠭᠦᠳ ᠤᠨ ᠳᠤᠭᠯᠠᠭᠰᠠᠨ ᠤᠶᠠᠩᠭ᠎ᠠ ᠳᠠᠭᠤᠤ ᠤᠷᠠᠨ ᠪᠦᠵᠢᠭ ᠨᠢ ᠳᠤᠬᠠᠢ ᠶᠢᠨ ᠳᠠᠯᠠᠪᠠᠢ ᠶᠢᠨ ᠦᠵᠡᠭᠴᠢᠳ ᠤᠨ ᠰᠡᠳᠬᠢᠯ ᠢ ᠳᠤᠭᠳᠤᠯᠤᠭᠤᠯᠤᠨ᠂ ᠦᠨᠳᠦᠰᠦᠨ ᠱᠠᠲᠤᠨ ᠤ ᠵᠡᠮᠳᠡᠭᠴᠦᠳ ᠤᠨ ᠬᠤᠯᠪᠤᠭᠠᠳᠤ ᠬᠤᠷᠠᠯ ᠤᠨ ᠠᠵᠢᠯᠳᠠᠨ᠂ ᠨᠡᠶᠢᠲᠡ ᠶᠢᠨ ᠠᠰᠠᠷᠠᠮᠵᠢ ᠶᠢᠨ ᠤᠳᠬ᠎ᠠ ᠤᠷᠠᠯᠢᠭ ᠤᠨ ᠠᠩᠬᠢ ᠴᠤ ᠭᠤᠴᠣ ᠰᠠᠶᠢᠬᠠᠨ ᠲᠣᠭᠯᠠᠯᠲᠠ ᠭᠠᠷᠭᠠᠵᠤ᠂ ᠤᠯᠠᠨ ᠢᠶᠠᠷ ᠢᠶᠠᠨ ᠦᠭᠡᠳᠡᠷᠡᠭ ᠠᠮᠢᠳᠤᠷᠠᠯ ᠳᠤ ᠪᠠᠨ ᠭᠠᠷ ᠬᠤᠯᠪᠤᠨ ᠴᠢᠷᠮᠠᠶᠢᠵᠤ᠂ ᠡᠬᠡ ᠤᠷᠤᠨ ᠤ ᠬᠦᠭᠵᠢᠯ ᠮᠡᠨᠳᠦᠯ ᠳᠤ ᠬᠦᠴᠦᠨ ᠵᠢᠳᠬᠦᠯ ᠢᠶᠠᠨ ᠡᠷᠬᠦᠬᠦ ᠤᠷᠬᠢᠯᠤᠮ᠎ᠠ ᠬᠠᠯᠠᠭᠤᠨ ᠰᠡᠳᠬᠢᠯᠬᠡ ᠪᠠᠷ ᠲᠦᠭᠦᠷᠡᠩ ᠪᠠᠶᠢᠯ᠎ᠠ᠃      ᠵᠡᠮᠳᠡᠭᠴᠦᠳ ᠠᠶ᠎ᠠ ᠳᠠᠭᠤᠤ᠂ ᠬᠤᠭᠤᠷ ᠬᠦᠭᠵᠢᠮ᠂ ᠢᠷᠠᠭᠤ ᠤᠶᠠᠩᠭᠠᠯᠠᠯ ᠢᠶᠠᠷ ᠢᠶᠠᠨ ᠤᠷᠤᠭᠰᠢᠯᠠᠨ ᠳᠡᠪᠰᠢᠬᠤ᠂ ᠦᠭᠡᠳᠡᠷᠡᠭ ᠪᠠᠶᠠᠰᠤᠩᠭᠤᠢ᠂ ᠠᠮᠢᠳᠤᠷᠠᠯ ᠳᠤ ᠢᠳᠡᠬᠡᠵᠦ᠂ ᠦᠪᠡᠷᠳᠡᠭᠡᠨ ᠢᠳᠡᠭᠡᠵᠦ᠂ ᠪᠡᠶ᠎ᠡ ᠪᠠᠨ ᠳᠠᠭᠠᠭᠠᠬᠤ ᠵᠤᠷᠢᠭ ᠪᠤᠰᠤᠭ᠎ᠠ ᠲᠦᠷᠰᠦ ᠪᠠᠶᠢᠳᠠᠯ ᠢᠶᠠᠨ ᠬᠠᠷᠠᠭᠤᠯᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ  ᠠᠴᠠ ᠵᠡᠮᠳᠡᠭᠴᠦᠳ ᠤᠨ ᠲᠤᠬᠠᠢ ᠣᠶᠢᠯᠠᠭᠠᠯᠲᠠ ᠪᠠᠨ ᠤᠯᠠᠮ ᠴᠢᠩᠭᠠᠳᠬᠠᠵᠤ᠂ ᠲᠡᠳᠡᠨ ᠢ ᠬᠠᠶᠢᠷᠠᠯᠠᠨ ᠬᠠᠯᠠᠮᠵᠢᠯᠠᠬᠤ  ᠪᠠᠨ ᠪᠣᠳᠠᠲᠤ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠵᠡᠮᠳᠡᠭᠴᠦᠳ ᠢ ᠬᠠᠪᠰᠤᠷᠤᠨ ᠬᠠᠮᠳᠤᠷᠠᠨ ᠪᠠᠶᠢᠭᠤᠯᠵᠤ ᠬᠠᠮᠲᠤ ᠪᠠᠷ ᠡᠳ᠋ᠯᠡᠬᠦ ᠳᠤᠮᠳᠠ ᠳᠡᠳᠡᠨ ᠢ ᠤᠯᠠᠮ ᠠᠮᠤᠷ ᠲᠦᠪᠰᠢᠨ᠂ ᠵᠤᠯ ᠵᠢᠷᠭᠠᠯᠳᠠᠢ ᠪᠠᠶᠢᠯᠭᠠᠨ᠎ᠠ ᠭᠡᠵᠦ ᠢᠯᠡᠷᠭᠡᠶᠢᠯᠡᠵᠡᠬᠡᠪᠡ᠃     ᠠᠵᠢᠯᠯᠠᠭᠠᠨ   ᠤ ᠡᠴᠦᠰ ᠲᠤ᠂ ᠬᠤᠰᠢᠭᠤ ᠵᠡᠮᠳᠡᠭᠴᠦᠳ ᠤᠨ ᠬᠤᠯᠪᠣᠭ᠎ᠠ ᠪᠠᠰᠠ ᠰᠠᠶᠢᠬᠠᠠᠠᠦ᠋ᠯᠵᠡᠢ ᠰᠤᠮᠤᠨ ᠤ ᠵᠡᠮᠳᠡᠭ ᠬᠥᠮᠦᠰ ᠲᠤ  ᠬᠦᠷᠳᠦᠲᠦ ᠰᠠᠨᠳᠠᠯᠢ᠂ ᠪᠠᠭᠠᠵᠢ  ᠭᠡᠷᠡᠭᠰᠡᠯ᠂ ᠭᠠᠷ ᠤᠲᠠᠰᠤ ᠵᠡᠷᠭᠡ ᠶᠢ ᠦᠨ᠎ᠡ ᠲᠥᠯᠥᠪᠦᠷᠢ ᠥᠬᠡᠶ ᠪᠠᠷ ᠬᠦᠷᠭᠡᠵᠡᠢ᠃       ᠳᠠᠷᠠᠭᠠᠴᠢ ᠶᠢᠨ ᠠᠯᠬᠤᠮ ᠳᠤ᠂ ᠬᠤᠰᠢᠭᠤ ᠵᠡᠮᠳᠡᠭᠴᠦᠳ ᠤᠨ ᠬᠤᠯᠪᠤᠭᠠᠳᠤ ᠬᠤᠷᠠᠯ ᠪᠥᠬᠦ ᠨᠡᠶᠢᠭᠡᠮ ᠤᠨ ᠵᠡᠮᠳᠡᠭᠴᠦᠳ ᠢ ᠲᠡᠳᠬᠦᠨ ᠲᠤᠰᠠᠯᠠᠬᠤ ᠬᠠᠮᠲᠤᠷᠠᠯ ᠬᠦᠴᠦᠨ ᠢ ᠤᠯᠠᠮ ᠢᠶᠠᠷ ᠨᠢᠭᠲᠠᠷᠠᠭᠤᠯᠵᠤ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠪᠠ ᠬᠡᠷᠡᠭᠴᠡᠭᠡ ᠱᠠᠭᠠᠷᠳᠠᠯᠭ᠎ᠠ ᠳᠤ ᠢᠳᠡᠪᠬᠢᠲᠡᠶ ᠬᠠᠷᠢᠭᠤᠯᠲᠠ ᠥᠭᠴᠦ᠂ ᠵᠡᠮᠳᠡᠭᠴᠦᠳ ᠨᠡᠶᠢᠭᠡᠮ ᠤᠨ ᠠᠮᠢᠳᠤᠷᠠᠯ ᠢ ᠡᠷᠬᠡ ᠲᠡᠭᠰᠢ ᠪᠠᠷ ᠬᠠᠮᠲᠤ ᠪᠠᠷ ᠡᠳ᠋ᠯᠡᠬᠦ᠂ ᠬᠤᠪᠢ ᠬᠥᠮᠦᠨ ᠤ ᠪᠥᠬᠦ ᠲᠠᠯ᠎ᠠ ᠶᠢᠨ ᠬᠥᠭᠵᠢᠯᠲᠡ ᠪᠠ ᠭᠤᠶᠢᠳᠠ ᠰᠠᠶᠢᠬᠠᠨ ᠠᠮᠢᠳᠤᠷᠠᠯ ᠢ ᠪᠡᠶᠡᠯᠡᠭᠦᠯᠬᠦ ᠳᠤ ᠨᠠᠩ ᠰᠠᠶᠢᠨ ᠨᠥᠬᠦᠴᠡᠯ ᠡᠭᠦᠳᠦᠨ ᠥᠭᠴᠦ᠂ ᠪᠥᠬᠦ ᠬᠤᠰᠢᠭᠤᠨ ᠤ ᠵᠡᠮᠳᠡᠭᠴᠦᠳ ᠤᠨ ᠦᠶᠯᠡᠰ ᠤᠨ ᠦᠷᠭᠦᠯᠵᠢᠯᠡᠨ ᠴᠢᠨᠠᠷ ᠰᠠᠶᠢᠲᠠᠶ ᠬᠥᠭᠵᠢᠬᠦ ᠶᠢ ᠴᠢᠷᠮᠠᠶᠢᠨ ᠠᠬᠢᠭᠤᠯᠬᠤ ᠪᠣᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号