ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠭᠠᠳᠠᠷ ᠰᠠᠯᠠᠭᠠᠨ ᠤ ᠬᠦᠨᠳᠦ ᠡᠪᠡᠳᠴᠢᠲᠡᠨ ᠢ ᠬᠢᠨᠠᠨ ᠬᠠᠷᠠᠭᠠᠯᠵᠠᠬᠤ ᠲᠠᠰᠤᠭ ᠲᠠᠢ ᠪᠤᠯᠤᠯ᠎ᠠ
ᠨᠡᠶᠢᠲᠡᠯᠡᠭᠰᠡᠨ ᠴᠠᠭ᠄
2024/5/30
     ᠤᠶᠢᠷ᠎ᠠ ᠶᠢᠨ ᠡᠳᠦᠷ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠭᠠᠳᠠᠷ ᠰᠠᠯᠠᠭᠠᠨ ᠤ ᠬᠦᠨᠳᠦ ᠡᠪᠡᠳᠴᠢᠲᠡᠨ ᠢ ᠬᠢᠨᠠᠨ ᠬᠠᠷᠠᠭᠠᠯᠵᠠᠬᠤ ᠲᠠᠰᠤᠭ ᠢᠯᠡᠷᠭᠡᠶᠢᠯᠡᠯ ᠡᠯᠭᠦᠨ ᠵᠢᠩᠭᠢᠨᠢ ᠪᠠᠷ ᠠᠰᠢᠭᠯᠠᠯᠲᠠ ᠳᠤ ᠤᠷᠤᠵᠤ᠂ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠦᠢᠯᠡᠴᠢᠯᠡᠭᠡ ᠶᠢ ᠤᠯᠠᠮ ᠰᠢᠯᠢᠳᠡᠭᠵᠢᠬᠦᠯᠦᠯ᠎ᠡ᠃      ᠲᠣᠰ ᠡᠳᠦᠷ ᠤᠨ ᠦᠳᠡ ᠶᠢᠨ ᠡᠮᠦᠨ᠎ᠡ᠂ ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠩᠭᠢ ᠶᠢᠨ ᠪᠥᠬᠦ ᠬᠥᠮᠦᠰ ᠵᠢᠴᠢ ᠭᠠᠳᠠᠷ ᠰᠠᠯᠠᠭᠠᠨ ᠤ ᠡᠮᠨᠡᠯᠭᠡ ᠶᠢᠨ ᠪᠥᠬᠦ ᠡᠮᠴᠢ ᠰᠤᠪᠢᠯᠠᠭᠴᠢ ᠶᠢᠨ ᠭᠡᠷᠡᠴᠢᠯᠡᠭᠡ ᠳᠣᠤᠷ᠎ᠠ᠂ ᠡᠮᠨᠡᠯᠬᠡ ᠶᠢᠨ ᠭᠠᠳᠠᠷ ᠰᠠᠯᠠᠭᠠᠨ ᠤ ᠬᠦᠨᠳᠦ ᠡᠪᠡᠳᠴᠢᠲᠡᠨ ᠢ ᠬᠢᠨᠠᠨ ᠬᠠᠷᠠᠭᠠᠯᠵᠠᠬᠤ ᠲᠠᠰᠤᠭ ᠵᠢᠩᠬᠢᠨᠢ ᠪᠠᠷ ᠢᠯᠡᠷᠭᠡᠶᠢᠯᠡᠯ ᠡᠯᠭᠦᠪᠡ᠃      ᠭᠠᠳᠠᠷ ᠰᠠᠯᠠᠭᠠᠨ ᠤ ᠬᠦᠨᠳᠦ ᠡᠪᠡᠳᠴᠢᠲᠡᠨ ᠢ ᠬᠢᠨᠠᠨ ᠬᠠᠷᠠᠭᠠᠯᠵᠠᠬᠤ ᠲᠠᠰᠤᠭ ᠪᠠᠶᠢᠭᠤᠯᠤᠭᠳᠠᠭᠰᠠᠨ ᠨᠢ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠶᠯᠡᠴᠢᠯᠡᠭᠡᠨ ᠤ ᠴᠢᠳᠠᠪᠤᠷᠢ ᠪᠠ ᠡᠮᠴᠢᠯᠡᠭᠡᠨ  ᠤ ᠦᠢᠯᠡᠴᠢᠯᠡᠬᠡᠨ ᠤ ᠬᠢᠷᠢ ᠲᠦᠪᠰᠢᠨ ᠤ ᠳᠡᠭᠡᠭᠰᠢᠯᠡᠯᠳᠡ ᠶᠢᠨ ᠴᠢᠬᠤᠯᠠ ᠢᠯᠡᠷᠡᠯ ᠪᠠᠶᠢᠵᠤ᠂ ᠠᠪᠤᠷᠠᠯᠳᠠ ᠡᠮᠴᠢᠯᠡᠭᠡ  ᠶᠢ ᠨᠠᠩ ᠵᠢᠷᠤᠮᠵᠢᠭᠤᠯᠵᠤ᠂ ᠰᠢᠰᠲ᠋ᠧᠮᠵᠢᠭᠦᠯᠦᠨ᠂ ᠬᠦᠴᠢᠷ ᠲᠦᠪᠡᠭᠲᠡᠶ ᠬᠦᠨᠳᠦ ᠡᠪᠡᠳᠴᠢᠲᠡᠨ ᠳᠤ ᠨᠠᠩ ᠴᠢᠨᠠᠷ ᠰᠠᠶᠢᠨ᠂ ᠠᠮᠤᠷ ᠲᠦᠪᠰᠢᠨ᠂ ᠥᠨᠳᠥᠷ ᠪᠦᠲᠦᠮᠵᠢᠲᠡᠶ ᠡᠮᠴᠢᠯᠡᠭᠡᠨ ᠤ ᠪᠠᠲᠤᠯᠠᠭ᠎ᠠ ᠬᠠᠩᠭᠠᠬᠤ ᠪᠤᠯᠤᠨ᠎ᠠ᠃ ᠭᠠᠳᠠᠷ ᠰᠠᠯᠠᠭᠠᠨ ᠤ ᠬᠦᠨᠳᠦ ᠡᠪᠡᠳᠴᠢᠲᠡᠨ ᠢ ᠬᠢᠨᠡᠨ ᠬᠠᠷᠠᠭᠠᠯᠵᠠᠬᠤ ᠳᠠᠰᠤᠭ ᠨᠢ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠭᠠᠵᠠᠷ ᠤᠨ ᠳᠥᠷᠪᠡᠳᠦᠭᠡᠷ ᠳᠠᠪᠬᠤᠷᠭ᠎ᠠ ᠳᠤ ᠪᠠᠶᠢᠷᠢᠯᠠᠵᠤ᠂ 2 ᠡᠪᠡᠳᠴᠢᠲᠡᠨ  ᠤ ᠥᠷᠥᠭᠡ᠂ 6 ᠬᠢᠨᠠᠨ ᠬᠠᠷᠠᠭᠠᠯᠵᠠᠬᠤ ᠣᠷᠣ᠂ ᠴᠡᠴᠡᠷᠡᠬᠦ ᠶᠢ ᠵᠤᠭᠰᠤᠭᠠᠬᠤ ᠬᠡᠮᠵᠢᠭᠦᠷᠯᠢᠭ᠂ ᠠᠮᠢᠰᠬᠤᠯ ᠤᠨ ᠮᠠᠰᠢᠨ ᠂ ᠵᠢᠷᠦᠬᠡᠨ ᠤ ᠴᠠᠬᠢᠯᠭᠠᠨ ᠬᠡᠮᠵᠢᠭᠦᠷᠯᠢᠭ᠂ ᠵᠢᠷᠦᠬᠡᠨ ᠯᠤᠭᠰᠢᠯᠳᠠ ᠶᠢᠨ ᠵᠢᠷᠤᠭ ᠤᠨ ᠮᠠᠰᠢᠨ᠂ ᠰᠢᠩᠭᠡᠨ ᠶᠡᠭᠦᠯᠡᠬᠦ ᠬᠥᠭᠡᠷᠭᠡ᠂ ᠲᠠᠷᠢᠯᠭ᠎ᠠ ᠶᠢᠨ ᠬᠥᠭᠡᠷᠭᠡ ᠵᠡᠷᠭᠡ ᠲᠦᠷᠭᠡᠨ ᠠᠪᠤᠷᠠᠯᠳᠠ ᠶᠢᠨ ᠲᠥᠬᠦᠭᠡᠷᠦᠮᠵᠢ ᠶᠢ ᠢᠵᠢ ᠪᠦᠷᠢᠳᠦᠬᠦᠯᠦᠨ ᠳᠤᠬᠢᠷᠠᠭᠤᠯᠵᠠᠢ᠃      ᠣᠶᠢᠯᠠᠭᠠᠭᠰᠠᠨ ᠢᠶᠠᠷ᠂ ᠭᠠᠳᠠᠷ ᠰᠠᠯᠠᠭᠠᠨ ᠤ ᠬᠦᠨᠳᠦ ᠡᠪᠡᠳᠴᠢᠲᠡᠨ ᠢ ᠬᠢᠨᠠᠨ ᠬᠠᠷᠠᠭᠠᠯᠵᠠᠬᠤ ᠲᠠᠰᠤᠭ ︵ICU︶ ᠪᠣᠯ ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠩᠭᠢ ᠶᠢᠨ ᠪᠥᠬᠦ ᠭᠡᠰᠢᠭᠦᠳ ᠤᠨ ᠵᠢᠯᠣᠭᠤᠳᠣᠯᠭ᠎ᠠ ᠳᠣᠤᠷ᠎ᠠ᠂ ᠲᠦᠯᠡᠭᠳᠡᠭᠰᠡᠨ ᠰᠢᠷᠬ᠎ᠠ ᠶᠢ ᠵᠠᠰᠠᠬᠤ ᠰᠠᠯᠠᠭᠠᠨ ᠤ ᠠᠨᠠᠭᠠᠬᠤ ᠤᠬᠠᠭᠠᠨ ᠤ ᠬᠡᠯᠲᠡᠰ ᠤᠨ ᠡᠷᠬᠢᠯᠡᠭᠴᠢ ᠰᠤᠪᠢᠯᠠᠭᠴᠢ ᠸᠠᠩ ᠱᠤ᠋ ᠵᠢᠶᠦ᠋ᠨ ᠲᠦᠷᠦᠭᠦᠯᠡᠨ ᠭᠠᠵᠠᠷ ᠰᠣᠩᠭᠤᠬᠤ᠂ ᠪᠠᠭᠠᠵᠢ ᠬᠡᠷᠡᠭᠰᠡᠯ ᠡᠮᠬᠢᠯᠡᠬᠦ᠂ ᠲᠦᠷᠢᠮ ᠲᠣᠭᠲᠠᠭᠠᠬᠤ᠂ ᠲᠥᠬᠦᠭᠡᠷᠦᠮᠵᠢ ᠳᠣᠭᠢᠷᠠᠭᠤᠯᠬᠤ ᠵᠡᠷᠭᠡ ᠶᠢ ᠵᠤᠬᠢᠴᠠᠭᠤᠯᠤᠨ ᠲᠥᠯᠥᠪᠯᠡᠵᠦ ᠪᠠᠶᠢᠬᠤ ᠶᠢᠨ ᠬᠠᠮᠳᠤ ᠮᠡᠷᠭᠡᠵᠢᠯ ᠤᠨ ᠪᠤᠯᠪᠠᠰᠤᠷᠠᠯ ᠰᠤᠷᠭᠠᠯᠳᠠ ᠬᠠᠩᠭᠠᠵᠤ ᠪᠤᠢ᠃ ᠪᠠᠶᠢᠭᠤᠯᠵᠤ ᠠᠵᠢᠯᠯᠠᠭᠤᠯᠬᠤ ᠬᠤᠭᠤᠴᠠᠭᠠᠨ ᠳᠤ᠂ ᠳᠤᠰ ᠲᠠᠰᠤᠭ ᠨᠢ 25 ᠡᠳᠦᠷ ᠤᠨ ᠪᠣᠳᠠᠲᠤ ᠬᠡᠷᠡᠭᠯᠡᠭᠡᠨ ᠤ ᠴᠢᠨᠠᠷᠲᠠᠶ ᠡᠮᠴᠢᠯᠡᠭᠡ ᠬᠢᠵᠦ᠂ ᠠᠩᠬᠠᠨ ᠤ ᠪᠦᠯᠦᠭ ︽ᠰᠡᠭᠦᠵᠢᠨ ᠦᠶ᠎ᠡ ᠰᠣᠯᠢᠬᠤ ᠮᠡᠰᠡ ᠵᠠᠰᠠᠯ︾ ᠤᠨ ᠳᠠᠷᠠᠭᠠᠬᠢ ᠡᠪᠡᠳᠴᠢᠲᠡᠨ ᠳᠤ ᠮᠡᠰᠡ ᠵᠠᠰᠠᠯ ᠬᠢᠬᠦ ᠠᠴᠠ ᠡᠮᠦᠨᠡᠬᠢ ᠪᠡᠯᠡᠳᠬᠡᠯ᠂ ᠡᠪᠡᠳᠴᠢᠨ ᠤ ᠵᠢᠱᠢᠶ᠎ᠡ ᠶᠢᠨ ᠶᠠᠷᠢᠯᠴᠠᠭ᠎ᠠ᠂ ᠮᠡᠰᠡ ᠵᠠᠰᠠᠯ ᠤᠨ ᠳᠤᠮᠳᠠᠬᠢ ᠪᠠᠲᠤᠯᠠᠭ᠎ᠠ᠂ ᠮᠡᠰᠡ ᠵᠠᠰᠠᠯ ᠤᠨ ᠳᠠᠷᠠᠭ᠎ᠠ ᠣᠷᠣᠵᠤ ᠰᠠᠭᠤᠬᠤ ᠵᠢᠴᠢ ᠸᠢᠴᠠᠲ ᠬᠤᠯᠪᠤᠭ᠎ᠠ ᠪᠠᠶᠢᠭᠤᠯᠵᠤ ᠡᠪᠡᠳᠴᠢᠨ ᠤ ᠪᠠᠶᠢᠳᠠᠯ ᠢ ᠴᠠᠭ ᠲᠤᠬᠠᠶ ᠳᠤᠨᠢ ᠣᠶᠢᠯᠠᠭᠠᠬᠤ ᠪᠠ ᠵᠢᠯᠣᠭᠤᠳᠬᠤ ᠠᠷᠭ᠎ᠠ ᠬᠡᠮᠵᠢᠶ᠎ᠡ ᠶᠢ ᠪᠥᠬᠦ ᠶᠠᠪᠤᠴᠠ ᠳᠤ ᠠᠮᠤᠷ ᠲᠦᠪᠰᠢᠨ ᠴᠢᠨᠠᠷ ᠰᠠᠶᠢᠲᠠᠶ ᠦᠷᠨᠢᠬᠦᠯᠦᠨ᠂ ᠬᠦᠨᠳᠦ ᠡᠪᠡᠳᠴᠢᠲᠡᠨ ᠢ ᠬᠠᠷᠠᠭᠠᠯᠵᠠᠨ ᠬᠠᠮᠠᠭᠠᠯᠠᠬᠤ ᠵᠣᠷᠢᠯᠭ᠎ᠠ ᠳᠤ ᠪᠠᠨ ᠬᠦᠷᠴᠡᠢ᠃      ᠲᠠᠷᠠᠭᠠᠴᠢ ᠶᠢᠨ ᠠᠯᠬᠤᠮ ᠳᠤ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠬᠦᠨᠳᠦ ᠡᠪᠡᠳᠴᠢᠲᠡᠨ ᠢ ᠬᠢᠨᠠᠨ ᠬᠠᠷᠠᠭᠠᠯᠵᠠᠬᠤ ᠲᠠᠰᠤᠭ ᠤᠨ ᠪᠡᠯᠡ ᠣᠷᠣᠭᠤᠯᠤᠯᠲᠠ ᠪᠠ ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠪᠤᠷᠠᠨ ᠡᠮᠴᠢᠯᠡᠬᠦ ᠶᠠᠪᠤᠴᠠ ᠪᠠ ᠦᠶᠯᠡᠴᠢᠯᠡᠭᠡᠨ ᠤ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠰᠢᠯᠢᠳᠡᠭᠵᠢᠭᠦᠯᠬᠦ ᠶᠢᠨ ᠬᠠᠮᠲᠤ ᠳᠡᠭᠡᠳᠦ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠲᠤᠰᠬᠠᠶ ᠮᠡᠷᠭᠡᠵᠢᠯᠲᠡᠨ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠢᠳᠡᠪᠬᠢᠲᠡᠶ ᠴᠢᠩᠭᠠᠳᠬᠠᠵᠤ᠂ ᠬᠦᠨᠳᠦ ᠡᠪᠡᠳᠴᠢᠲᠡᠨ  ᠢ ᠠᠪᠤᠷᠠᠨ ᠵᠠᠰᠠᠬᠤ ᠲᠡᠷᠢᠭᠦᠨ ᠤ ᠮᠡᠷᠭᠡᠵᠢᠯ ᠤᠨ ᠣᠶᠢᠯᠠᠭᠠᠭᠳᠠᠬᠤᠨ ᠢ ᠣᠷᠣᠭᠤᠯᠤᠨ ᠠᠪᠴᠢᠷᠠᠵᠤ᠂ ᠡᠮᠨᠡᠯᠭᠡ ᠶᠢᠨ ᠬᠤᠷᠢᠶᠠᠨ ᠤ ᠪᠦᠬᠦᠯᠢ ᠴᠣᠭᠴᠠ ᠶᠢᠨ ᠠᠪᠤᠷᠠᠨ ᠡᠮᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠥᠷᠭᠡᠨ ᠣᠯᠠᠨ ᠡᠪᠡᠳᠴᠢᠲᠡᠨ ᠤ ᠨᠠᠩ ᠠᠮᠤᠷ ᠲᠦᠪᠰᠢᠨ᠂ ᠵᠣᠯ ᠵᠢᠷᠭᠠᠯ ᠲᠠᠢ ᠪᠠᠶᠢᠬᠤ ᠶᠢ ᠪᠠᠳᠤᠯᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号