ᠰᠠᠩᠪᠤᠯᠠᠭ ᠰᠤᠮᠤ ᠮᠠᠯ ᠤᠨ ᠠᠳᠠᠯᠢᠳᠬᠠᠨ ᠰᠢᠯᠭᠠᠷᠠᠭᠤᠯᠤᠯᠳᠠ ᠵᠢᠴᠢ  ᠬᠦᠳᠡᠯᠮᠦᠷᠢ ᠶᠢᠨ ᠤᠷ᠎ᠠ ᠪᠦᠲᠦᠭᠡᠯ  ᠤᠨ ᠤᠷᠤᠯᠳᠤᠭᠠᠨ ᠡᠷᠬᠢᠯᠡᠭᠰᠡᠨ
ᠨᠡᠶᠢᠲᠡᠯᠡᠭᠰᠡᠨ ᠴᠠᠭ᠄
2024/5/30
     ᠤᠶᠢᠷ᠎ᠠ ᠶᠢᠨ ᠡᠳᠦᠷ᠂ ᠬᠤᠰᠢᠭᠤ ᠠᠵᠢᠯᠴᠢᠨ ᠤ ᠶᠡᠷᠦᠩᠬᠡᠶ ᠡᠪᠯᠡᠯ ᠪᠤᠯᠤᠨ ᠰᠠᠩᠪᠤᠯᠠᠭ ᠰᠤᠮᠤᠨ ᠠᠴᠠ ᠬᠠᠮᠲᠤᠷᠠᠨ ᠡᠷᠬᠢᠯᠡᠭᠰᠡᠨ ᠮᠠᠯ ᠤᠨ ᠠᠳᠠᠯᠢᠳᠬᠠᠨ ᠰᠢᠯᠭᠠᠷᠠᠭᠤᠯᠤᠯᠳᠠ ᠵᠢᠴᠢ ᠬᠦᠳᠡᠯᠮᠦᠷᠢ ᠶᠢᠨ ᠤᠷ᠎ᠠ ᠪᠦᠲᠦᠭᠡᠯ ᠤᠨ ᠤᠷᠤᠯᠳᠤᠭᠠᠨ ᠰᠠᠩᠪᠤᠯᠠᠭ ᠰᠤᠮᠤᠨ ᠤ ᠨᠡᠬᠦᠳᠡᠯ ᠮᠠᠯᠵᠢᠯ ᠤᠨ ᠰᠤᠶᠤᠯ ᠵᠠᠩ ᠦᠢᠯᠡ ᠶᠢᠨ ᠵᠢᠱᠢᠶ᠎ᠡ ᠦᠵᠡᠬᠦᠯᠬᠦ ᠴᠡᠭ  ᠲᠤ ᠶᠠᠪᠤᠭᠳᠠᠵᠠᠢ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠦᠨᠡᠨᠴᠢ ᠠᠵᠢᠯᠯᠠᠭ᠎ᠠ  ᠳᠤ ᠣᠷᠣᠯᠴᠠᠪᠠ᠃      ᠬᠤᠨᠢ ᠬᠠᠶᠢᠴᠢᠯᠠᠬᠤ᠂ ᠳᠡᠭᠡᠰᠦ ᠳᠠᠮᠤᠬᠤ ᠵᠡᠷᠭᠡ ᠬᠦᠳᠡᠯᠮᠦᠷᠢ ᠶᠢᠨ ᠤᠷ᠎ᠠ ᠪᠦᠲᠦᠭᠡᠯ ᠤᠨ ᠤᠷᠤᠯᠳᠤᠭᠠᠨ ᠨᠢ ᠠᠵᠢᠯᠰᠠᠭ ᠮᠠᠯᠴᠢᠳ ᠤᠨ ᠭᠠᠷ ᠤᠨ ᠤᠷ᠎ᠠ ᠳᠡᠮ᠂ ᠬᠤᠷᠴᠠ ᠱᠠᠯᠠᠮᠠᠭ ᠢ ᠭᠠᠶᠢᠬᠠᠭᠤᠯᠤᠨ᠂ ᠨᠡᠬᠦᠳᠡᠯ ᠮᠠᠯᠵᠢᠯ ᠤᠨ ᠰᠤᠶᠤᠯ ᠵᠠᠩ ᠦᠢᠯᠡ ᠶᠢ ᠤᠯᠠᠮᠵᠢᠯᠠᠨ ᠪᠠᠳᠠᠷᠠᠭᠤᠯᠤᠭᠰᠠᠨ ᠰᠠᠶᠢᠬᠠᠨ ᠠᠵᠢᠯᠯᠠᠭ᠎ᠠ ᠪᠤᠯᠵᠤ ᠶᠠᠪᠤᠭᠳᠠᠯ᠎ᠠ᠃      ᠠᠵᠢᠯᠯᠠᠭ᠎ᠠ ᠳᠤ ᠳᠡᠯᠭᠡᠭᠳᠡᠭᠰᠡᠨ ᠦᠵᠡᠬᠦᠯᠦᠯᠬᠡ ᠶᠢᠨ ᠳᠤᠭᠤᠷᠢᠭ ᠲᠤ᠂ ᠮᠠᠯᠴᠢᠳ ᠤᠨ ᠦᠪᠡᠷ ᠢᠶᠠᠨ ᠬᠢᠭᠰᠡᠨ ᠴᠡᠪᠡᠷ ᠪᠠᠶᠢᠭᠠᠯᠢᠯᠢᠭ ᠤᠯᠠᠮᠵᠢᠯᠠᠯᠳᠤ ᠴᠠᠭᠠᠨ ᠢᠳᠡᠭᠡᠨ᠂ ᠰᠦ ᠴᠠᠭ᠎ᠠ ᠪᠠᠷ ᠬᠢᠭᠰᠡᠨ ᠠᠮᠳᠠᠳᠤ ᠰᠢᠬᠢᠷ ᠠᠴᠠ ᠭᠠᠳᠠᠨ᠎ᠠ ᠮᠦᠩᠭᠦᠨ ᠵᠡᠬᠦᠯᠳᠡ᠂ ᠬᠡᠵᠢᠬᠡᠨ ᠤ ᠳᠠᠷᠤᠯᠳᠠ᠂ ᠡᠭᠡᠮᠦᠭ᠂ ᠰᠢᠳᠦ ᠬᠠᠳᠬᠤᠭᠰᠠᠨ ᠠᠯᠴᠢᠭᠤᠷ᠂ ᠮᠠᠯᠠᠭᠠᠢ᠂ ᠵᠠᠰᠠᠯ  ᠤᠨ ᠪᠤᠭᠴᠤ᠂ ᠢᠰᠡᠬᠡᠢ ᠤᠷᠠᠯᠠᠯ᠂ ᠮᠤᠷᠢ ᠳᠡᠮᠡᠭᠡᠨ ᠤ ᠡᠳ᠋ᠯᠡᠯ ᠵᠡᠷᠭᠡ ᠦᠨᠳᠦᠰᠦᠲᠡᠨ ᠤ ᠣᠨᠴᠠᠯᠢᠭᠲᠤ ᠭᠠᠷ ᠤᠷᠠᠯᠠᠯ  ᠤᠨ ᠪᠦᠲᠦᠭᠡᠭᠳᠡᠬᠦᠨ ᠳᠡᠯᠭᠡᠭᠳᠡᠵᠦ᠂ ᠬᠤᠷᠠᠭᠰᠠᠨ ᠪᠦᠬᠦᠨ ᠤ ᠨᠢᠳᠦ ᠶᠢ ᠬᠤᠵᠢᠷᠯᠠᠨ᠂ ᠮᠠᠯᠴᠢᠨ ᠲᠦᠮᠡᠨ ᠳᠤ ᠰᠢᠨ᠎ᠡ ᠤᠷᠤᠯᠭ᠎ᠠ ᠶᠢᠨ ᠵᠠᠮ ᠢ ᠨᠡᠭᠡᠭᠡᠵᠡᠢ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠨᠢ ︽ᠮᠠᠯ ᠠᠵᠤ ᠠᠬᠤᠶ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ︾ ᠭᠤᠤᠯ ᠰᠡᠳᠦᠪ ᠤᠨ ᠲᠣᠭᠤᠷᠢᠨ ᠳᠤ ᠨᠢᠭᠡ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠰᠢᠮᠧᠨ᠋ᠲ᠋ᠧᠷ ᠡᠷ᠎ᠡ ᠦᠬᠢᠨ ᠳᠤᠭᠤᠯ᠂ ᠰᠦᠨᠢᠳ ᠡᠮ᠎ᠡ ᠬᠤᠨᠢ᠂ ᠰᠢᠳᠦᠯᠡᠩ ᠡᠮ᠎ᠡ ᠬᠤᠨᠢ ᠪᠤᠯᠤᠨ ᠰᠦᠨᠢᠳ ᠡᠷ᠎ᠡ ᠦᠬᠢᠨ ᠬᠤᠷᠠᠭ᠎ᠠ ᠵᠡᠷᠭᠡ ᠮᠠᠯ ᠤᠨ ᠠᠳᠠᠯᠢᠳᠬᠠᠯ᠂ ᠳᠡᠭᠡᠰᠦ ᠳᠠᠮᠤᠬᠤ᠂ ᠬᠤᠨᠢ ᠬᠠᠶᠢᠴᠢᠯᠠᠬᠤ ᠵᠡᠷᠭᠡ ᠬᠥᠳᠡᠯᠮᠦᠷᠢ ᠶᠢᠨ ᠤᠷ᠎ᠠ ᠪᠦᠲᠦᠭᠡᠯ ᠤᠨ ᠤᠷᠤᠯᠳᠤᠭᠠᠨ᠂ ᠴᠠᠭᠠᠨ ᠢᠳᠡᠭᠡᠨ ᠵᠢᠴᠢ ᠭᠠᠷ ᠤᠷᠠᠯᠠᠯ  ᠤᠨ ᠪᠦᠲᠦᠭᠡᠭᠳᠡᠬᠦᠨ ᠤ ᠳᠡᠯᠭᠡᠨ ᠪᠤᠷᠤᠯᠠᠭᠤᠯᠭ᠎ᠠ ᠵᠡᠷᠭᠡ ᠲᠦᠷᠦᠯ ᠬᠤᠪᠢᠶᠠᠨ ᠶᠠᠪᠤᠭᠳᠠᠭᠤᠯᠵᠤ᠂ ᠳᠤᠰ ᠳᠤᠰ ᠲᠤ ᠨᠢ ᠱᠠᠩᠨᠠᠨ ᠤᠷᠮᠠᠰᠢᠭᠤᠯᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号