ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ  2024 ᠣᠨ ᠤ 7 ᠳ᠋ᠤᠭᠠᠷ ᠤᠳᠠᠭᠠᠨ ᠤ ᠰᠤᠷᠤᠯᠴᠠᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/1
     5 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ 2024 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠦᠷᠨᠢᠬᠦᠯᠪᠡ᠃      ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠡᠷᠭᠡ ᠠᠭᠤᠯᠭ᠎ᠠ ᠶᠢ ᠲᠤᠰᠬᠠᠢ ᠰᠡᠳᠦᠪ ᠢᠶᠠᠷ ᠰᠤᠷᠤᠯᠴᠠᠪᠠ᠃      ᠬᠤᠰᠢᠭᠤ ᠨᠠᠮ ᠤᠨ ᠬᠤᠷᠢᠶᠠᠨ ᠤ ᠱᠦᠵᠢ ᠴᠧᠨ ᠢᠦᠢ ᠴᠧᠩ ᠬᠤᠷᠠᠯ ᠡᠷᠬᠢᠯᠡᠭᠰᠡᠨ ᠪᠥᠭᠡᠳ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ᠂ ᠵᠥᠪ ᠠᠵᠢᠯ ᠤᠨ ᠪᠦᠲᠦᠮᠵᠢ ᠶᠢᠨ ᠦᠵᠡᠯᠲᠡ ᠶᠢ ᠪᠣᠢ ᠪᠣᠯᠭᠠᠬᠤ ᠪᠠ ᠦᠢᠯᠡᠳᠦᠯᠭᠡᠵᠢᠭᠦᠯᠬᠦ᠂ ᠴᠢᠨᠠᠷᠯᠢᠭ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠳᠠᠭᠠᠭᠤᠯᠤᠨ ᠰᠤᠷᠤᠯᠴᠠᠪᠠ᠃ ᠴᠧᠨ ᠢᠦᠢ ᠴᠧᠩ ᠴᠢᠬᠤᠯᠠᠴᠢᠯᠠᠭᠰᠠᠨ ᠨᠢ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠨᠠᠮ ᠤᠨ ᠴᠢᠬᠤᠯᠠ ᠦᠵᠡᠯ ᠰᠠᠨᠠᠭ᠎ᠠ ᠶᠢ ᠣᠨᠣᠪᠴᠢᠲᠠᠢ ᠡᠵᠡᠮᠳᠡᠬᠦ ᠪᠠ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠠᠵᠢᠯ ᠤᠨ ᠲᠥᠰᠦᠯ ᠪᠠ ᠡᠬᠡ ᠳᠠᠩᠰᠠ ᠲᠠᠢ ᠬᠠᠷᠢᠴᠠᠭᠤᠯᠤᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢᠨ ᠬᠠᠮᠲᠤ ᠰᠡᠳᠬᠢᠴᠡ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭ ᠤᠨᠤᠪᠴᠢᠲᠠᠢ ᠰᠦᠪᠡᠭᠴᠢᠯᠡᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠵᠣᠬᠢᠴᠠᠭᠤᠯᠬᠤ ᠪᠠ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠬᠤ ᠪᠠᠷ ᠡᠬᠢᠯᠡᠯᠲᠡ ᠶᠢᠨ ᠴᠡᠭ ᠪᠣᠯᠭᠠᠵᠤ᠂ ᠠᠶᠢᠮᠠᠭ ᠤᠨ ᠱᠠᠲᠤ ᠪᠠ ᠬᠤᠰᠢᠭᠤ ᠱᠠᠲᠤᠨ ᠤ ᠵᠢᠱᠢᠶ᠎ᠡ ᠦᠵᠡᠭᠦᠯᠬᠦ ᠴᠡᠭ ᠢ ᠳᠡᠰ ᠳᠡᠪᠰᠢᠭᠦᠯᠦᠨ ᠴᠣᠭᠴᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ︽ᠳᠥᠷᠪᠡᠨ ᠬᠠᠮᠲᠤ︾ ᠶᠢᠨ ᠤᠷᠲᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠢᠭᠡ ᠪᠦᠯᠦᠭ ︽ᠨᠢᠳᠦᠨ ᠳᠤ ᠦᠵᠡᠭᠳᠡᠵᠦ᠂ ᠭᠠᠷ ᠲᠤ ᠪᠠᠷᠢᠭᠳᠠᠮ᠎ᠠ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ︾ ᠵᠢᠱᠢᠶ᠎ᠡ ᠦᠵᠡᠭᠦᠯᠬᠦ ᠵᠠᠭᠪᠤᠷ ᠢ ᠪᠣᠢ ᠪᠣᠯᠭᠠᠬᠤ ᠬᠡᠷᠡᠭᠲᠡᠢ᠃      ᠴᠧᠨ ᠢᠦᠢ ᠴᠧᠩ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠡᠨᠡ ᠭᠤᠷᠪᠠᠨ ᠵᠦᠢᠯ ᠤᠨ ᠠᠵᠢᠯ ᠪᠣᠯ ᠴᠥᠮ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠮᠦᠷᠳᠡᠭᠡᠨ ᠪᠢᠳᠡᠨ ᠤ ᠡᠷᠬᠡᠪᠰᠢ ᠰᠠᠶᠢᠲᠤᠷ ᠠᠳᠬᠤᠬᠤ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠳᠡᠭᠡᠷᠡᠬᠢ ᠠᠵᠢᠯ ᠢ ᠰᠠᠶᠢᠳᠤᠷ ᠬᠢᠬᠦ ᠳᠤ ᠪᠦᠬᠦ ᠬᠤᠰᠢᠭᠤ ᠳᠠᠶᠠᠭᠠᠷ ᠢᠶᠠᠨ ᠨᠠᠩ ᠲᠦᠢᠯᠪᠤᠷᠢᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ︽ᠬᠤᠶᠠᠷ ᠢ ᠬᠠᠮᠠᠭᠠᠯᠠᠬᠤ︾ ᠦᠨᠳᠦᠷᠴᠡ ᠠᠴᠠ ᠨᠡᠩ ᠴᠢᠩᠭ᠎ᠠ ᠪᠠᠷᠢᠮᠵᠢᠶ᠎ᠠ᠂ ᠨᠡᠩ ᠶᠡᠭᠡ ᠡᠷᠴᠢᠮ ᠢᠶᠠᠷ ᠡᠴᠦᠰ ᠲᠤᠨᠢ ᠲᠤᠯᠲᠠᠯ᠎ᠠ ᠠᠳᠬᠤᠵᠤ᠂ ᠡᠭᠦᠷᠢᠳᠡ ᠵᠤᠬᠰᠤᠰᠢ ᠥᠬᠡᠶ ᠬᠠᠳᠠᠨ ᠵᠣᠷᠢᠭ ᠪᠠ ᠪᠠᠷᠢᠮᠲᠠᠯᠠᠯ ᠢᠶᠠᠷ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠵᠦ᠂ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠮᠠᠨ ᠤ ᠬᠤᠰᠢᠭᠤᠨ ᠤ ᠴᠢᠨᠠᠷᠯᠢᠭ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠤ ᠴᠧᠩ ᠤᠨ 2024 ᠣᠨ ᠤ ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠳᠡᠭᠡᠷᠡᠬᠢ ᠶᠠᠷᠢᠶ᠎ᠠ ᠶᠢ ᠳᠠᠭᠠᠭᠤᠯᠤᠨ ᠰᠤᠷᠤᠯᠴᠠᠬᠤ ᠶᠢᠨ ᠬᠠᠮᠲᠤ ᠲᠥᠷᠥᠯ ᠵᠦᠢᠯ ᠢ ᠲᠡᠮᠡᠴᠡᠨ ᠣᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠥᠷᠥᠯ ᠵᠦᠢᠯ ᠤᠨ ᠨᠥᠭᠡᠴᠡ ᠶᠢ ᠰᠠᠶᠢᠲᠤᠷ ᠬᠢᠵᠦ᠂ ᠢᠳᠡᠪᠬᠢᠲᠡᠢ ᠪᠠᠷ ᠵᠣᠯᠭᠠᠭᠤᠯᠬᠤ ᠬᠡᠷᠡᠭᠲᠡᠢ ᠭᠡᠵᠦ ᠱᠠᠭᠠᠷᠳᠠᠪᠠ᠃ ᠬᠠᠷᠠᠯᠲᠠ ᠪᠠᠨ ᠲᠣᠭᠲᠠᠭᠠᠵᠤ ᠠᠷᠠᠯᠵᠢᠶᠠᠴᠢᠨ ᠤᠷᠢᠬᠤ ᠶᠢ ᠠᠳᠬᠤᠵᠤ᠂ ᠣᠨᠢᠨ ᠳᠡᠭᠡᠷ᠎ᠡ ᠨᠢ ᠬᠦᠴᠦᠯᠡᠵᠦ ᠪᠠᠶᠢᠭᠠᠳ ᠠᠷᠠᠯᠵᠢᠶᠠᠴᠢᠨ ᠤᠷᠢᠬᠤ ᠶᠢ ᠠᠳᠬᠤᠵᠤ᠂ ᠣᠷᠴᠢᠨ ᠲᠣᠭᠤᠷᠢᠨ ᠢ ᠰᠢᠯᠢᠳᠡᠭᠵᠢᠭᠦᠯᠦᠨ ᠠᠷᠠᠯᠵᠢᠶᠠᠴᠢᠨ ᠤᠷᠢᠬᠤ ᠶᠢ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠠᠳᠬᠤᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠨ ᠥᠭᠴᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠬᠤ ᠲᠠᠯ᠎ᠠ ᠪᠠᠷ ᠬᠦᠴᠦ ᠲᠠᠯᠪᠢᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ ᠪᠠᠰᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾᠂ ︽ᠪᠦᠬᠦ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ︾᠂ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠭ᠎ᠠ ᠬᠡᠮᠵᠢᠶ᠎ᠡ ᠨᠦᠭᠦᠳ︾ ᠢ ᠤᠯᠠᠮᠵᠢᠯᠠᠨ ᠰᠤᠷᠤᠯᠴᠠᠪᠠ᠃ ᠬᠤᠷᠠᠯ ᠳᠤ ᠣᠷᠣᠯᠴᠠᠭᠰᠠᠨ ᠬᠡᠰᠡᠭ ᠤᠳᠤᠷᠢᠳᠤᠯᠭ᠎ᠠ ︽ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号