ᠬᠤᠪᠢᠰᠬᠠᠯ ᠤᠨ ᠭᠧᠨ ᠢ ᠦᠬᠡᠯᠡᠢ ᠪᠠᠭᠠᠴᠤᠤᠯ ᠳᠤ ᠤᠯᠠᠮᠵᠢᠯᠠᠵᠤ ᠦᠨᠳᠦᠰᠦᠳᠡᠨ ᠤ ᠪᠦᠯᠬᠦᠮᠳᠡᠯ ᠤᠨ ᠴᠡᠴᠡᠭ ᠢ ᠳᠡᠯᠭᠡᠷᠡᠬᠦᠯᠦᠨ᠎ᠡ
ᠨᠡᠶᠢᠲᠡᠯᠡᠭᠰᠡᠨ ᠴᠠᠭ᠄
2024/6/1
     ᠤᠶᠢᠷ᠎ᠠ ᠶᠢᠨ ᠡᠳᠦᠷ᠂ ᠬᠤᠰᠢᠭᠤ ᠬᠤᠶᠠᠳᠤᠭᠠᠷ ᠬᠡᠦᠬᠡᠳ ᠤᠨ ᠴᠡᠴᠡᠷᠯᠢᠭ᠂ ᠰᠠᠩᠪᠤᠯᠠᠭ ᠰᠤᠮᠤ ᠬᠠᠮᠳᠤᠷᠠᠨ ᠪᠠᠶ᠋ᠬᠠᠠᠭᠤᠯᠠ ᠭᠠᠴᠠᠭᠠᠨ ᠤ ︽ᠤᠯᠠᠭᠠᠨ ᠪᠣᠭᠴᠣ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠲᠤ ︽ᠬᠤᠪᠢᠰᠬᠠᠯ ᠤᠨ ᠭᠧᠨ ᠢ ᠤᠯᠠᠮᠵᠢᠯᠠᠵᠤ᠂ ᠴᠠᠭ ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠬᠤ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠵᠡᠢ᠃      ᠴᠡᠴᠡᠷᠯᠢᠭ ᠤᠨ ᠪᠢᠴᠢᠬᠠᠨ ᠪᠦᠦᠪᠡᠢ ᠨᠠᠷ᠂ ᠳᠠᠶᠢᠯᠪᠤᠷᠢᠯᠠᠭᠴᠢ ᠠᠨᠢᠶ᠎ᠠ ᠶᠢᠨ ᠢᠶᠠᠨ ᠳᠠᠭᠠᠭᠤᠯᠭ᠎ᠠ ᠪᠠᠷ ︽ᠤᠯᠠᠭᠠᠨ ᠪᠤᠭᠴᠤ︾ ᠶᠢᠨ ᠡᠭᠦᠰᠦᠯ ᠭᠠᠷᠤᠯ᠂ ᠦᠯᠢᠭᠡᠷ ᠳᠡᠦᠬᠡ ᠶᠢ ᠤᠶᠢᠯᠠᠭᠠᠨ᠂ ︽ᠦᠩᠭᠡ ᠨᠢ ᠭᠠᠩᠳᠠᠰᠢ ᠦᠬᠡᠢ ᠤᠯᠠᠭᠠᠨ ᠪᠤᠭᠴᠤ︾ ᠶᠢᠨ ᠢᠳᠡᠭᠡᠯ ᠪᠢᠰᠢᠷᠡᠯ ᠪᠠ ᠵᠠᠭᠤᠨ ᠳᠠᠮᠵᠢᠭᠰᠠᠨ ᠵᠤᠷᠢᠭ ᠰᠠᠨᠠᠭ᠎ᠠ ᠶᠢ ᠪᠡᠶᠡᠴᠢᠯᠡᠨ ᠮᠡᠳᠡᠷᠡᠯ᠎ᠡ᠃ ᠠᠵᠢᠯᠯᠠᠭ᠎ᠠ ᠳᠤᠮᠳᠠ᠂ ᠰᠠᠩᠪᠤᠯᠠᠭ ᠰᠤᠮᠤᠨ ᠤ ᠭᠤᠣᠯ ᠬᠠᠷᠢᠭᠤᠴᠠᠯᠭᠠᠲᠠᠨ ︽ᠤᠯᠠᠭᠠᠨ ᠪᠣᠭᠴᠣ︾ ᠪᠠ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠵᠡᠷᠭᠡ ᠠᠭᠤᠯᠭ᠎ᠠ ᠶᠢ ᠤᠶᠠᠯᠳᠤᠭᠤᠯᠤᠨ ᠬᠡᠦᠬᠡᠳ ᠤᠳ ᠲᠤ ᠳᠠᠶᠢᠯᠤᠮᠵᠢ ᠬᠢᠵᠦ᠂ ᠳᠡᠳᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠬᠠᠨ ᠪᠠᠭ᠎ᠠ ᠠᠴᠠ ᠨᠢ ᠪᠤᠢ ᠪᠤᠯᠭᠠᠬᠤ ᠶᠢ ᠵᠤᠷᠢᠵᠠᠢ᠃      ᠪᠢᠴᠢᠬᠠᠨ ᠪᠦᠦᠪᠡᠢ ᠨᠠᠷ ᠪᠠᠰᠠ ᠨᠢᠮᠪᠠᠶᠢᠯᠠᠨ ᠪᠡᠯᠡᠳᠭᠡᠭᠰᠡᠨ ᠰᠢᠯᠦᠭ ᠢᠶᠠᠨ ᠤᠶᠠᠩᠭᠠᠯᠠᠵᠤ᠂ ᠡᠬᠡ ᠤᠯᠤᠰ ᠨᠤᠲᠤᠭ ᠤᠰᠤᠨ ᠳᠠᠭᠠᠨ ᠬᠠᠶᠢᠷᠠᠳᠠᠢ ᠰᠡᠳᠬᠢᠯᠭᠡ ᠪᠠᠨ ᠢᠯᠡᠳᠬᠡᠨ᠂ ᠪᠠᠭᠰᠢ ᠨᠠᠷ ᠠᠴᠢᠳᠤ ᠨᠠᠮ ᠠᠷᠠᠳ ᠲᠦᠮᠡᠨ  ᠢᠶᠠᠨ ᠮᠠᠭᠳᠠᠨ ᠳᠠᠭᠤᠯᠠᠭᠰᠠᠨ ᠳᠠᠭᠤᠤ ᠪᠦᠵᠢᠭ ᠢᠶᠠᠨ ᠡᠷᠬᠦᠨ ᠪᠠᠷᠢᠵᠠᠢ᠃ ᠠᠵᠢᠯᠯᠠᠭ᠎ᠠ ᠳᠤ᠂ ᠬᠡᠦᠬᠡᠳ ᠤᠳ ᠪᠠᠰᠠ ᠵᠢᠷᠤᠭᠰᠠᠨ ᠵᠢᠷᠤᠭ ᠢᠶᠠᠨ ᠰᠠᠭᠤᠷᠢᠨ ᠭᠠᠵᠠᠷ ᠲᠤ ᠪᠡᠯᠡᠭᠯᠡᠵᠦ᠂ ᠭᠠᠴᠠᠭᠠᠨ ᠤ ᠬᠠᠷᠢᠭᠤᠴᠠᠯᠭᠠᠳᠠᠨ ᠠᠴᠠ ︽ᠤᠯᠠᠭᠠᠨ ᠪᠤᠭᠴᠤ︾ ᠰᠤᠶᠤᠯ ᠤᠨ ᠪᠦᠲᠦᠭᠡᠭᠳᠡᠬᠦᠨ ᠤ ᠭᠠᠷ ᠪᠡᠯᠡᠭ ᠳᠤᠰᠤᠭᠠᠳ ᠤᠨᠴᠠ ᠶᠢᠨ ᠪᠠᠶᠠᠷᠳᠠᠢ ᠪᠠᠶᠢᠯ᠎ᠠ᠃      ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠳ ᠪᠠᠰᠠ ᠨᠠᠮ ᠳᠤ ᠪᠠᠨ ᠳᠠᠬᠢᠨᠳᠠ ᠳᠠᠩᠭᠠᠷᠢᠭ ᠡᠷᠬᠦᠵᠦ᠂ ᠪᠥᠬᠦ ᠨᠠᠮ ᠤᠨ ᠭᠡᠰᠢᠭᠦᠨ ᠪᠠᠭᠰᠢ ᠪᠣᠯᠤᠨ ᠺᠠᠳ᠋ᠷᠴᠤᠳ ᠦᠨᠢ ᠮᠦᠩᠭᠡ ᠶᠢᠨ ᠣᠭ ᠰᠠᠨᠠᠭ᠎ᠠ ᠪᠠ ᠡᠷᠡᠮᠡᠬᠡᠶᠢᠯᠡᠨ ᠤᠷᠤᠭᠰᠢᠯᠠᠬᠤ ᠪᠠᠲᠤ ᠢᠲᠡᠭᠡᠯ ᠢᠶᠠᠨ ᠤᠯᠠᠮ ᠨᠢᠭᠡ ᠠᠯᠬᠤᠮ ᠬᠤᠷᠴᠠᠯᠠᠵᠠᠢ᠃      ᠦᠷ᠎ᠡ ᠰᠠᠭᠤᠯᠭᠠᠵᠤ ᠡᠪᠡᠰᠦ ᠳᠠᠷᠢᠬᠤ᠂ ᠠᠷᠭᠠᠯ ᠳᠡᠬᠦᠬᠦ ᠵᠡᠷᠭᠡ ᠠᠵᠢᠯᠯᠠᠭ᠎ᠠ ᠨᠢ ᠪᠠᠰᠠ ᠬᠦᠳᠡᠭᠡ ᠨᠤᠳᠤᠭ  ᠤᠨ ᠬᠦᠳᠡᠯᠮᠦᠷᠢ ᠶᠢᠨ ᠪᠠᠶᠠᠰᠤᠯ ᠢ ᠬᠡᠦᠬᠡᠳ ᠪᠠᠭᠠᠴᠤᠤᠯ ᠳᠤ ᠮᠡᠳᠡᠷᠡᠬᠦᠯᠵᠦ᠂ ᠪᠠᠭ ᠤᠨ ᠠᠵᠢᠯᠯᠭ᠎ᠠ ᠪᠠᠷ ᠳᠠᠮᠵᠢᠭᠤᠯᠤᠨ ᠬᠡᠦᠬᠡᠳ ᠤᠳ ᠲᠤ ᠬᠠᠷᠢᠯᠴᠠᠨ ᠬᠠᠪᠰᠤᠷᠤᠯᠴᠠᠬᠤ ᠦᠵᠡᠯ ᠤᠬᠠᠮᠰᠠᠷ ᠢ ᠪᠤᠢ ᠪᠤᠯᠭᠠᠵᠤ᠂ ᠬᠠᠮᠳᠤ ᠳᠤ  ᠪᠠᠨ ᠠᠵᠢᠯ ᠦᠢᠯᠡᠳᠦᠯᠬᠡ ᠳᠤ ᠤᠷᠤᠯᠴᠠᠭᠰᠠᠨ ᠪᠠᠶᠠᠷ ᠬᠦᠷ ᠲᠠᠢ ᠨᠢᠭᠡᠨ ᠡᠳᠦᠷ ᠢ ᠦᠩᠭᠡᠷᠡᠬᠦᠯᠦᠯ᠎ᠡ᠃      ᠠᠵᠢᠯᠯᠠᠭ᠎ᠠ ᠪᠠᠷ ᠳᠠᠮᠵᠢᠭᠤᠯᠤᠨ᠂ ᠦᠬᠡᠯᠡᠢ ᠪᠠᠭᠠᠴᠤᠤᠯ ᠳᠤ ᠬᠤᠪᠢᠰᠬᠠᠯ ᠤᠨ ᠭᠧᠨ ᠢ ᠤᠯᠠᠮᠵᠢᠯᠠᠨ ᠵᠠᠯᠭᠠᠮᠵᠢᠯᠠᠵᠤ᠂ ᠭᠡᠦᠭᠡᠳ ᠪᠠᠭᠠᠴᠤᠳ ᠤᠨ ᠰᠣᠶᠣᠯ ᠤᠨ ᠢᠳᠡᠭᠡᠯ ᠢ ᠨᠡᠮᠡᠭᠳᠡᠭᠦᠯᠵᠦ᠂ ᠦᠨᠳᠦᠰᠦᠲᠡᠨ ᠤ ᠪᠦᠯᠬᠦᠮᠳᠡᠯ  ᠤᠨ ᠵᠤᠷᠢᠭ ᠰᠠᠨᠠᠭ᠎ᠠ ᠶᠢ ᠪᠠᠳᠤᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠤᠨ ᠬᠥᠮᠦᠵᠢᠯ ᠢ ᠪᠠᠲᠤ ᠴᠣᠭᠴᠠᠯᠠᠬᠤ ᠰᠢᠨ᠎ᠡ ᠠᠬᠢᠴᠠ ᠶᠢ ᠪᠤᠢ ᠪᠤᠯᠭᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号