ᠮᠠᠨ ᠤ ᠬᠤᠰᠢᠭᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2024/6/1
     ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠳᠤᠭᠳᠠᠭᠠᠯ ᠠᠴᠠ ᠵᠥᠷᠢᠴᠡᠨ ᠵᠣᠭᠰᠣᠭᠠᠬᠤ᠂ ᠴᠠᠬᠢᠯᠭᠠᠨ ᠴᠡᠨᠡᠭᠯᠡᠬᠦ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠵᠠᠰᠠᠬᠤ ᠶᠢᠨ ᠲᠥᠯᠥᠭᠡ᠂ ᠣᠶᠢᠷ᠎ᠠ ᠳᠤ᠂ ᠬᠤᠰᠢᠭᠤ ᠲᠦᠢᠮᠡᠷ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠨᠡᠶᠢᠭᠡᠮ ᠲᠣᠭᠤᠷᠢᠭ ᠬᠠᠮᠲᠤᠷᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃      ᠬᠠᠤᠯᠢ ᠭᠡᠷᠡᠭᠵᠢᠬᠦᠯᠦᠭᠴᠢᠳ᠂ ᠴᠠᠬᠢᠯᠭᠠᠨ ᠬᠥᠳᠡᠯᠭᠡᠭᠦᠷᠲᠦ ᠳᠤᠭᠤᠶ ᠳᠡᠷᠭᠡᠨ ᠤ ᠬᠠᠤᠯᠢ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ᠂ ᠵᠠᠮ ᠱᠤᠭᠤᠮ᠂ ᠠᠮᠤᠷ ᠲᠦᠪᠰᠢᠨ ᠭᠠᠷᠬᠤ ᠡᠭᠦᠳᠡ ᠶᠢ ᠪᠥᠭᠯᠡᠬᠦ᠂ ᠲᠣᠭᠲᠠᠭᠠᠯ  ᠠᠴᠠ ᠵᠥᠷᠢᠴᠡᠨ ᠠᠰᠠᠷ ᠤᠨ ᠭᠤᠳᠤᠮᠵᠢ᠂ ᠭᠡᠷ ᠲᠤ ᠤᠷᠤᠭᠤᠯᠤᠨ ᠴᠠᠬᠢᠯᠭᠠᠨ ᠴᠡᠨᠡᠭᠯᠡᠬᠦ ᠵᠡᠷᠭᠡ ᠦᠶᠯᠡ ᠠᠵᠢᠯᠯᠠᠭ᠎ᠠ᠂ ᠲᠥᠪᠯᠡᠷᠡᠭᠦᠯᠦᠨ ᠴᠠᠬᠢᠯᠭᠠᠨ ᠴᠡᠨᠡᠭᠯᠡᠬᠦ ᠴᠡᠭ ᠢ ᠡᠵᠡᠯᠡᠨ ᠬᠡᠷᠡᠭᠯᠡᠬᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠴᠡᠭᠴᠡᠯᠡᠵᠦ᠂ 2 ᠰᠠᠭᠤᠭᠠᠯᠢ ᠲᠣᠭᠤᠷᠢᠭ᠂ 1 ᠪᠤᠷᠤ ᠭᠡᠷ ᠤᠨ ᠲᠤᠭᠤᠷᠢᠭ᠂ 7 ᠵᠡᠭᠡᠯᠢ ᠳᠠᠭᠠᠤ ᠳᠡᠯᠭᠡᠭᠦᠷ ᠬᠤᠳᠠᠯᠳᠤᠭ᠎ᠠ ᠶᠢ ᠪᠠᠶᠢᠴᠠᠭᠠᠭᠰᠠᠨ ᠤ ᠬᠠᠮᠲᠤ ᠲᠦᠢᠮᠡᠷ ᠤᠨ ᠠᠶᠤᠯ ᠭᠠᠷᠴᠦ ᠮᠡᠳᠡᠬᠦ ᠬᠡᠮ ᠰᠣᠭᠤᠭ ᠢ ᠬᠠᠮᠢᠶ᠎ᠠ ᠪᠦᠬᠦᠢ ᠠᠳᠠᠯ ᠠᠬᠤᠶ ᠶᠢᠨ ᠬᠠᠮᠢᠶᠠᠷᠤᠯᠲᠠ ᠶᠢᠨ ᠺᠣᠮᠫᠠᠨᠢ ᠵᠢᠴᠢ ᠰᠠᠯᠠᠭ᠎ᠠ ᠮᠥᠴᠢᠷ ᠲᠤ ᠮᠡᠳᠡᠭᠳᠡᠵᠦ᠂ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠨ᠂ ᠬᠠᠷᠢᠶ᠎ᠠ ᠣᠷᠣᠨ ᠤ ᠥᠷᠭᠡᠨ ᠣᠯᠠᠨ ᠰᠠᠭᠤᠭᠠᠯᠢ ᠠᠷᠠᠳ ᠲᠤ ᠠᠮᠤᠷ ᠲᠦᠪᠰᠢᠨ ᠤᠷᠴᠢᠨ ᠳᠤᠭᠤᠷᠢᠨ ᠪᠤᠢ ᠪᠤᠯᠭᠠᠬᠤ ᠶᠢ ᠦᠨᠡᠨᠬᠦ ᠪᠠᠳᠤᠯᠠᠵᠠᠢ᠃      ᠲᠠᠷᠠᠭᠠᠴᠢ ᠶᠢᠨ ᠠᠯᠬᠤᠮ ᠳᠤ᠂ ᠬᠤᠰᠢᠭᠤ ᠲᠦᠢᠮᠡᠷ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠦᠷᠬᠦᠯᠵᠢᠯᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠱᠠᠭᠠᠷᠳᠠᠯᠭ᠎ᠠ ᠶᠣᠰᠣᠭᠠᠷ ᠠᠵᠢᠯ ᠢᠶᠠᠨ ᠵᠢᠷᠤᠮᠵᠢᠭᠤᠯᠤᠨ ᠠᠬᠢᠭᠤᠯᠬᠤ ᠶᠢᠨ ᠬᠠᠮᠲᠤ ᠲᠦᠢᠮᠡᠷ ᠰᠡᠷᠭᠡᠶᠢᠯᠡᠵᠦ ᠲᠦᠢᠮᠡᠷ ᠤᠨᠲᠠᠷᠠᠭᠠᠬᠤ ᠤᠬᠠᠭᠤᠯᠭ᠎ᠠ ᠬᠥᠮᠦᠵᠢᠯ  ᠤᠨ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠥᠪᠡᠷ ᠢᠶᠠᠨ ᠰᠡᠷᠭᠡᠶᠢᠯᠡᠵᠦ ᠥᠪᠡᠷ ᠢ ᠪᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠲᠦᠢᠮᠡᠷ ᠤᠨ ᠭᠠᠮᠰᠢᠭ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠳᠤᠯᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号