ᠮᠠᠨ ᠤ ᠬᠤᠰᠢᠭᠤᠨ ᠤ ᠡᠯ᠎ᠡ ᠪᠠᠭ᠎ᠠ ᠰᠤᠷᠭᠠᠭᠤᠯᠢ ᠵᠢᠷᠭᠤᠭᠠᠨ ᠰᠠᠷ᠎ᠠ ᠶᠢᠨ ᠨᠢᠭᠡᠨ ᠤ ᠬᠡᠤᠬᠡᠳ ᠤᠨ ᠪᠠᠶᠠᠷ  ᠢᠶᠠᠨ ᠤᠳᠬ᠎ᠠ ᠠᠭᠤᠯᠭ᠎ᠠ ᠲᠠᠢ ᠳᠡᠮᠳᠡᠭᠯᠡᠯ᠎ᠡ
ᠨᠡᠶᠢᠲᠡᠯᠡᠭᠰᠡᠨ ᠴᠠᠭ᠄
2024/6/1
     ᠤᠯᠤᠰ ᠦᠨᠳᠦᠰᠦᠳᠡᠨ ᠤ ᠢᠷᠡᠭᠡᠳᠦᠢ ᠪᠤᠯᠤᠭᠰᠠᠨ ᠬᠡᠦᠬᠡᠳ ᠪᠠᠭᠠᠴᠤᠳ ᠢᠶᠠᠨ ᠬᠠᠯᠠᠮᠵᠢᠯᠠᠨ ᠬᠠᠶᠢᠷᠠᠯᠠᠵᠤ᠂ ᠰᠤᠷᠭᠠᠨ ᠬᠦᠮᠦᠵᠢᠯ ᠤᠨ ᠦᠢᠯᠡᠰ ᠤᠨ ᠲᠦᠯᠦᠬᠡ ᠰᠢᠷᠭᠠᠭᠤ ᠠᠵᠢᠯᠯᠠᠵᠤ ᠪᠠᠶᠢᠭ᠎ᠠ ᠪᠠᠭᠰᠢᠨᠠᠷ ᠲᠤ ᠳᠠᠯᠠᠷᠬᠠᠯ ᠢᠯᠡᠷᠭᠡᠶᠢᠯᠡᠬᠦ ᠡᠬᠦᠳᠡᠨ ᠠᠴᠠ ᠵᠢᠷᠭᠤᠭᠠᠨ ᠰᠠᠷ᠎ᠠ ᠶᠢᠨ ᠨᠢᠭᠡᠨ ᠤ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ  ᠢᠶᠠᠷ᠂ ᠬᠤᠰᠢᠭᠤ ᠤᠳᠤᠷᠢᠳᠤᠯᠭ᠎ᠠ ᠨᠠᠷ ᠮᠠᠨ ᠤ ᠬᠤᠰᠢᠭᠤᠨ ᠤ ᠡᠯ᠎ᠡ ᠪᠠᠭ᠎ᠠ ᠰᠤᠷᠭᠠᠭᠤᠯᠢ ᠶᠢᠨ ᠪᠠᠶᠠᠷ ᠤᠨ ᠠᠵᠢᠯᠯᠠᠭ᠎ᠠ ᠳᠤ ᠤᠷᠤᠯᠴᠠᠵᠠᠢ᠃      ᠬᠤᠰᠢᠭᠤ ᠨᠠᠮ ᠤᠨ ᠬᠤᠷᠢᠶᠠᠨ ᠤ ᠱᠦᠵᠢ ᠴᠧᠨ ᠢᠦ᠋ᠶ ᠴᠧᠩ ᠬᠤᠰᠢᠭᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠬᠡᠦᠬᠡᠳ ᠪᠠᠭᠠᠴᠤᠳ ᠢ ᠳᠣᠲᠣᠨᠣ ᠪᠠᠷ ᠡᠷᠬᠢᠨ ᠦᠵᠡᠵᠦ᠂ ᠬᠡᠦᠬᠡᠳ ᠤᠳ ᠲᠠᠢ ᠬᠠᠮᠲᠤ ᠪᠠᠶᠠᠷ  ᠤᠨ ᠠᠵᠢᠯᠯᠠᠭ᠎ᠠ ᠳᠤ ᠤᠷᠤᠯᠴᠠᠬᠤ ᠶᠢᠨ ᠬᠠᠮᠳᠤ ᠬᠦᠰᠡᠯ ᠵᠥᠩᠨᠡᠯ ᠳᠡᠪᠰᠢᠭᠦᠯᠵᠦ᠂ ᠰᠤᠷᠭᠠᠨ ᠬᠥᠮᠦᠵᠢᠯ ᠤᠨ ᠠᠵᠢᠯ  ᠤᠨ ᠡᠮᠦᠨ᠎ᠡ ᠹᠷᠣᠨᠲ ᠲᠤ ᠰᠢᠷᠭᠠᠭᠤ ᠬᠠᠲᠠᠭᠤᠵᠢᠯᠲᠠᠶ ᠲᠡᠮᠡᠴᠡᠵᠦ ᠪᠠᠶᠢᠭ᠎ᠠ ᠥᠷᠭᠡᠨ ᠣᠯᠠᠨ ᠪᠠᠭᠰᠢ ᠨᠠᠷ ᠲᠤ ᠳᠠᠯᠠᠷᠬᠠᠯ ᠢᠯᠡᠷᠭᠡᠶᠢᠯᠡᠵᠡᠢ᠃ ᠬᠤᠰᠢᠭᠤ ᠤᠳᠤᠷᠢᠳᠤᠯᠭ᠎ᠠ ᠲᠡᠮᠦᠷ᠂ ᠹᠠᠨ ᠶᠢᠦ ᠴᠢᠶᠠᠩ᠂ ᠮᠥᠷᠡᠨ ᠠᠵᠢᠯᠯᠠᠭ᠎ᠠ ᠳᠤ ᠬᠠᠮᠳᠤ ᠣᠷᠣᠯᠴᠠᠪᠠ᠃      ᠮᠣᠷᠢᠨ ᠬᠤᠭᠤᠷ ᠤᠨ ᠨᠠᠶᠢᠷᠠᠯ ᠬᠥᠭᠵᠢᠮ ᠢᠶᠠᠷ ᠠᠵᠢᠯᠯᠠᠭᠠᠨ ᠤ ᠬᠦᠰᠢᠬᠡ ᠶᠢ ᠰᠡᠬᠦᠵᠦ᠂ ᠠᠵᠢᠯᠯᠠᠭ᠎ᠠ ᠳᠤᠮᠳᠠ᠂ ᠬᠤᠰᠢᠭᠤ ᠤᠳᠤᠷᠢᠳᠤᠯᠭ᠎ᠠ ᠨᠠᠷ ᠰᠤᠷᠤᠭᠴᠢᠳ ᠤᠨ ᠲᠦᠯᠦᠭᠡᠯᠡᠭᠴᠢ ᠶᠢᠨ ᠵᠡᠭᠦᠯᠭᠡᠭᠰᠡᠨ ᠤᠯᠠᠭᠠᠨ ᠪᠦᠴᠡ ᠶᠢ ᠵᠡᠬᠦᠵᠦ᠂ ᠬᠡᠦᠬᠡᠳ ᠤᠨ ᠭᠤᠶᠢᠳᠠ ᠰᠠᠶᠢᠬᠠᠨ ᠲᠣᠭᠯᠠᠯᠲᠠ ᠶᠢ ᠰᠣᠨᠢᠷᠬᠠᠵᠤ᠂ ᠪᠠᠶᠢᠨ ᠪᠠᠶᠢᠨ ᠠᠯᠠᠭ᠎ᠠ ᠲᠡᠰᠢᠨ ᠬᠡᠦᠬᠡᠳ ᠤᠳ ᠤᠨ ᠠᠪᠢᠶᠠᠰ ᠪᠢᠯᠢᠭ ᠢ ᠮᠠᠭᠲᠠᠨ ᠰᠠᠶᠢᠰᠢᠶᠠᠵᠤ᠂ ᠵᠢᠷᠭᠤᠭᠠᠨ ᠰᠠᠷ᠎ᠠ ᠶᠢᠨ ᠨᠢᠭᠡᠨ ᠤ ᠬᠡᠦᠬᠡᠳ ᠤᠨ ᠪᠠᠶᠠᠷ ᠤᠨ ᠪᠠᠶᠠᠷᠲᠤ ᠠᠭᠤᠷ ᠠᠮᠢᠰᠬᠤᠯ ᠢ ᠪᠡᠶᠡᠴᠢᠯᠡᠨ ᠮᠡᠳᠡᠷᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠯᠢ ᠭᠦᠸᠧ ᠴᠢᠩ ᠳᠥᠷᠪᠡᠳᠦᠭᠡᠷ ᠪᠠᠭ᠎ᠠ ᠰᠤᠷᠭᠠᠭᠤᠯᠢ ᠶᠢᠨ ᠪᠠᠶᠠᠷ ᠤᠨ ᠠᠵᠢᠯᠯᠠᠭ᠎ᠠ ᠳᠤ ᠤᠷᠤᠯᠴᠠᠨ᠂ ᠰᠤᠷᠤᠭᠴᠢᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠪᠥᠬᠦ ᠪᠠᠭᠰᠢ ᠨᠠᠷ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃      ᠬᠡᠦᠬᠡᠳ ᠤᠳ ᠤᠷ᠎ᠠ ᠠᠪᠢᠶᠠᠰ ᠢᠶᠠᠨ ᠪᠠᠳᠠᠷᠠᠭᠤᠯᠤᠨ᠂ ︽ᠬᠠᠶᠢᠷᠠᠳᠤ ᠡᠬᠡ ᠤᠯᠤᠰ︾ ᠬᠡᠬᠦ ᠬᠡᠩᠭᠡᠷᠭᠡ ᠶᠢᠨ ᠳᠤᠭᠯᠠᠯᠳᠠ᠂ ᠬᠦᠷᠳᠦᠳᠦ ᠳᠡᠰᠢᠬᠦᠷ ᠤᠨ ᠦᠵᠡᠬᠦᠯᠪᠦᠷᠢ ᠵᠡᠷᠭᠡ ᠤᠨᠴᠠᠯᠢᠭᠳᠤ ᠳᠤᠭᠯᠠᠯᠳᠠ ᠪᠠᠨ ᠦᠵᠡᠬᠦᠯᠵᠦ᠂ ᠰᠢᠨ᠎ᠡ ᠴᠠᠭ ᠦᠶ᠎ᠡ ᠶᠢᠨ ᠪᠠᠭᠠᠴᠤᠳ ᠤᠨ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠰᠠᠶᠢᠨ ᠰᠠᠶᠢᠬᠠᠨ ᠢᠷᠡᠭᠡᠳᠦᠶ  ᠪᠠᠨ ᠵᠢᠷᠤᠭᠯᠠᠵᠤ᠂ ᠡᠬᠢᠯᠡᠯᠲᠡ ᠶᠢᠨ ᠶᠣᠰᠣᠯᠠᠯ ᠳᠤ ᠪᠠᠰᠠ ᠲᠡᠷᠢᠭᠦᠨ ᠤ ᠬᠤᠪᠢ ᠬᠥᠮᠦᠨ᠂ ᠭᠤᠷᠪᠠᠨ ᠰᠠᠶᠢᠨᠲᠠᠶ ᠰᠤᠷᠤᠭᠴᠢ᠂ ᠰᠢᠯᠢᠳᠡᠭ ᠠᠩᠭᠢ ᠨᠡᠶᠢᠲᠡ ᠵᠡᠷᠭᠡ ᠶᠢ ᠬᠦᠬᠢᠬᠦᠯᠦᠨ᠂ ᠢᠷᠠᠭᠤ ᠠᠯᠳᠠᠷ ᠤᠨ ᠦᠨᠡᠮᠯᠡᠯ ᠤᠯᠭᠤᠪᠠ᠃      ᠬᠤᠰᠢᠭᠤ ᠳᠡᠳ᠋ ᠳᠠᠷᠤᠭ᠎ᠠ ᠶᠠᠩ ᠵᠠᠨ ᠴᠢᠩ ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ᠂ ᠰᠤᠷᠤᠭᠴᠢᠳ᠂ ᠬᠡᠷ ᠤᠨ ᠠᠬᠠᠮᠠᠳ ᠨᠠᠷ ᠲᠠᠢ ᠬᠠᠮᠲᠤ ᠵᠢᠷᠭᠤᠭᠠᠨ ᠰᠠᠷ᠎ᠠ ᠶᠢᠨ ᠨᠢᠭᠡᠨ ᠤ ᠬᠡᠦᠭᠡᠳ ᠤᠨ ᠪᠠᠶᠠᠷ ᠢ ᠪᠡᠯᠭᠡᠯᠡᠵᠡᠢ᠃      ᠠᠵᠢᠯᠯᠠᠭ᠎ᠠ ᠡᠬᠢᠯᠡᠮᠡᠭᠴᠡ᠂ ᠡᠯ᠎ᠡ ᠵᠢᠭᠰᠠᠭᠠᠯ ᠤᠨ ᠡᠩᠨᠡᠭᠡ ᠤᠷᠢᠶ᠎ᠠ ᠬᠠᠰᠬᠢᠷᠤᠭᠰᠠᠭᠠᠷ ᠳᠠᠯᠠᠪᠠᠢ ᠳᠤ ᠤᠷᠤᠵᠤ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠠᠶᠠᠰ ᠳᠤᠮᠳᠠ᠂ ᠠᠵᠢᠯᠯᠠᠭᠠᠨ ᠤ ᠬᠥᠰᠢᠭᠡ ᠶᠢ ᠰᠡᠬᠦᠨ᠂ ᠪᠠᠭᠠᠴᠤᠳ ᠤᠨ ᠬᠤᠰᠢᠭᠤᠴᠢ ᠠᠩᠭᠢ ᠶᠢᠨ ᠠᠬᠠᠮᠠᠳ ᠭᠡᠰᠢᠭᠦᠳ ᠰᠢᠨ᠎ᠡ ᠭᠡᠰᠢᠭᠦᠳ ᠲᠤ ᠤᠯᠠᠭᠠᠨ ᠪᠦᠴᠡ ᠵᠡᠭᠦᠯᠭᠡᠵᠦ᠂ ᠲᠥᠪ ᠴᠢᠩᠭ᠎ᠠ ᠳᠠᠩᠭᠠᠷᠢᠭ ᠡᠷᠬᠦᠪᠡ᠃ ᠳᠠᠷᠠᠭ᠎ᠠ ᠨᠢ ᠱᠠᠩᠨᠠᠨ ᠬᠦᠬᠢᠬᠦᠯᠬᠦ ᠶᠤᠰᠤᠯᠠᠯ᠂ ᠤᠷᠠᠨ ᠰᠠᠶᠢᠬᠠᠨ ᠤ ᠳᠤᠭᠯᠠᠯᠳᠠ ᠵᠠᠯᠭᠠᠭ᠎ᠠ ᠪᠠᠷ ᠶᠠᠪᠤᠭᠳᠠᠨ᠂ ᠰᠤᠷᠤᠭᠴᠢᠳ ᠤᠨ ᠥᠭᠡᠳᠡᠷᠬᠡᠭ ᠢᠳᠡᠪᠬᠢᠲᠡᠢ᠂ ᠢᠲᠡᠭᠡᠯ ᠲᠡᠭᠦᠯᠳᠡᠷ ᠴᠤᠭ ᠵᠢᠪᠬᠤᠭ᠎ᠠ ᠶᠢ ᠬᠠᠷᠠᠭᠤᠯᠤᠨ᠂ ᠪᠦᠬᠦᠶᠢᠯᠡ ᠰᠤᠷᠭᠠᠭᠤᠯᠢ ᠶᠢᠨ ᠬᠦᠷᠢᠶ᠎ᠡ ᠬᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃      ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ︽ᠬᠡᠦᠬᠡᠳ ᠤᠨ ᠰᠡᠳᠬᠢᠯ ᠢ ᠬᠦᠨᠳᠦᠯᠡᠨ ᠪᠠᠶᠠᠷ ᠬᠥᠷ ᠲᠠᠢ ᠦᠰᠦᠨ ᠪᠣᠶᠢᠵᠢᠬᠤ︾ ᠭᠤᠤᠯ ᠰᠡᠳᠦᠪᠳᠦ ᠵᠢᠷᠠᠨ ᠭᠤᠷᠪᠠᠳᠤᠭᠠᠷ ᠬᠤᠭᠤᠴᠠᠭᠠᠨ ᠤ ᠬᠦᠨᠳᠦ ᠬᠥᠩᠭᠡᠨ ᠪᠡᠶ᠎ᠡ ᠲᠠᠮᠢᠷ  ᠤᠨ ᠴᠤᠭᠯᠠᠭᠠᠨ ᠵᠢᠴᠢ ᠭᠤᠸ᠎ᠠ ᠰᠠᠶᠢᠬᠠᠨ ᠤ ᠬᠥᠮᠦᠵᠢᠯ ᠤᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠲᠣᠭᠯᠠᠯᠲᠠ ᠶᠠᠪᠤᠭᠳᠠᠭᠤᠯᠵᠠᠢ᠃      ᠰᠤᠷᠤᠭᠴᠢᠳ ᠪᠠᠶᠠᠷ ᠤᠨ ᠡᠳᠦᠷ ᠤᠨ ᠭᠤᠶᠣᠯᠠᠯ ᠢᠶᠠᠨ ᠡᠮᠦᠰᠴᠦ᠂ ︽ᠤᠷᠠᠯᠢᠭ︾ ᠤᠨ ᠲᠠᠶᠢᠰᠠᠨ ᠳᠡᠭᠡᠷ᠎ᠡ ᠠᠪᠢᠶᠠᠰ ᠪᠢᠯᠢᠭ ᠢᠶᠠᠨ ᠪᠠᠳᠠᠷᠠᠭᠤᠯᠤᠨ᠂ ᠪᠡᠶ᠎ᠡ ᠴᠢᠭᠢᠷᠠᠭᠵᠢᠭᠤᠯᠬᠤ ᠲᠠᠮᠢᠷ᠂ ᠬᠠᠶᠠᠭᠳᠠᠮᠠᠯ ᠪᠣᠳᠠᠰ ᠢᠶᠠᠷ ᠬᠢᠭᠰᠡᠨ ᠬᠤᠪᠴᠠᠰᠤᠨ ᠤ ᠦᠵᠡᠬᠦᠯᠦᠯᠬᠡ᠂ ᠮᠣᠩᠭᠤᠯ ᠪᠥᠵᠢᠭ᠂ ᠡᠷᠲᠡᠨ ᠤ ᠶᠠᠲᠤᠭ᠎ᠠ ᠬᠦᠭᠵᠢᠮᠳᠡᠬᠦ᠂ ᠭᠤᠴᠣᠯᠠᠯ ᠳᠠᠭᠤᠤ ᠵᠡᠷᠭᠡ ᠲᠣᠭᠯᠠᠯᠲᠠ ᠨᠢ ᠤᠯᠠᠮᠵᠢᠯᠠᠯᠲᠤ ᠰᠣᠶᠣᠯ ᠢ ᠵᠠᠯᠭᠠᠮᠵᠢᠯᠠᠵᠤ᠂ ᠤᠳᠤ ᠦᠶ᠎ᠡ ᠶᠢᠨ ᠤᠷᠠᠯᠢᠭ ᠤᠨ ᠤᠬᠢ ᠰᠣᠳᠣ  ᠶᠢ ᠪᠠᠳᠠᠷᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠦᠨᠳᠦᠰᠦᠲᠡᠨ ᠤ ᠤᠨᠴᠠᠯᠢᠬᠳᠤ ᠰᠣᠶᠣᠯ ᠲᠠᠢ ᠨᠢᠭᠲᠠ ᠤᠶᠠᠯᠳᠤᠵᠤ᠂ ᠤᠯᠠᠮᠵᠢᠯᠠᠯ ᠪᠠ ᠰᠢᠨ᠎ᠡ ᠶᠢ ᠡᠭᠦᠳᠬᠦ ᠳᠤᠮᠳᠠ ᠪᠠᠭᠠᠴᠤᠳ ᠤᠨ ᠠᠮᠢᠵᠢᠷᠠᠯ ᠤᠨ ᠬᠦᠴᠦᠨ ᠢ ᠬᠦᠭᠵᠢᠬᠡᠵᠡᠢ᠃ ᠡᠭᠦᠨ ᠠᠴᠠ ᠭᠠᠳᠠᠨ᠎ᠠ᠂ ᠠᠵᠢᠯᠯᠠᠭ᠎ᠠ ᠳᠤᠮᠳᠠ ᠪᠠᠰᠠ ᠪᠠᠭᠠᠴᠤᠳ ᠤᠨ ᠬᠤᠰᠢᠭᠤᠴᠢ ᠠᠩᠭᠢ ᠳᠤ ᠣᠷᠣᠬᠤ ᠶᠣᠰᠣᠯᠠᠯ ᠶᠠᠪᠤᠭᠳᠠᠭᠤᠯᠵᠤ᠂ ᠠᠶᠢᠮᠠᠭ᠂ ᠬᠤᠰᠢᠭᠤ᠂ ᠰᠤᠷᠭᠠᠭᠤᠯᠢ ᠶᠢᠨ ᠲᠡᠰ ᠤᠨ ᠰᠢᠯᠢᠳᠡᠭ ᠰᠤᠷᠤᠭᠴᠢ ᠵᠢᠴᠢ ᠠᠩᠭᠢ ᠨᠡᠶᠢᠲᠡ ᠶᠢ ᠬᠥᠬᠢᠭᠦᠯᠦᠨ ᠰᠠᠶᠢᠰᠢᠶᠠᠪᠠ᠃      ᠬᠤᠰᠢᠭᠤ ᠲᠠᠪᠤᠳᠤᠭᠠᠷ ᠪᠠᠭ᠎ᠠ ᠰᠤᠷᠭᠠᠭᠤᠯᠢ ᠳᠡᠯᠡᠬᠡᠶ ᠶᠢᠨ ᠬᠡᠦᠬᠡᠳ ᠤᠨ ᠪᠠᠶᠠᠷ ᠢ ᠪᠡᠯᠭᠡᠯᠡᠬᠦ ᠱᠠᠩᠨᠠᠯ ᠣᠯᠭᠤᠬᠤ ᠶᠣᠰᠣᠯᠠᠯ ᠵᠢᠴᠢ 37 ᠳ᠋ᠤᠭᠠᠷ ᠬᠤᠭᠤᠴᠠᠭᠠᠨ ᠤ ᠬᠦᠨᠳᠦ ᠬᠥᠩᠭᠡᠨ ᠲᠠᠮᠢᠷ ᠤᠨ ᠤᠷᠤᠯᠳᠤᠭᠠᠨ ᠡᠷᠬᠢᠯᠡᠵᠦ᠂ ︽ᠤᠯᠠᠭᠠᠨ ᠪᠣᠭᠴᠣ᠂ ︽ᠪᠢᠴᠢᠬᠠᠨ ᠤᠯᠠᠭᠠᠨᠮᠥ᠋ᠴᠢᠷ︾᠂ ︽ᠬᠤᠷᠳᠤᠨ ᠬᠦᠯᠦᠭ ᠤᠨ ᠦᠯᠦᠬᠡᠢ︾ ᠵᠡᠷᠭᠡ ᠤᠨᠴᠠᠯᠢᠭᠳᠤ ᠵᠢᠭᠰᠠᠭᠠᠯ ᠤᠨ ᠡᠩᠨᠡᠭᠡ ᠨᠢ ᠮᠠᠨ ᠤ ᠬᠤᠰᠢᠭᠤᠨ ᠤ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠢ ᠭᠦᠶᠴᠡᠳ ᠢᠯᠡᠷᠡᠭᠦᠯᠵᠦ᠂ ᠰᠤᠷᠤᠭᠴᠢᠳ ᠤᠨ ᠨᠢᠭᠲᠠᠷᠠᠨ ᠪᠦᠯᠬᠦᠮᠳᠡᠵᠦ᠂ ᠨᠤᠲᠤᠭ ᠤᠰᠤ ᠪᠠᠨ ᠬᠠᠶᠢᠷᠠᠯᠠᠨ᠂ ᠤᠳᠤᠮ ᠤᠭᠰᠠᠭ᠎ᠠ ᠪᠠᠨ ᠵᠠᠯᠭᠠᠮᠵᠢᠯᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠤᠮᠠᠷᠠᠲᠤ ᠬᠢᠯᠢ ᠶᠢᠨ ᠰᠣᠶᠣᠯ ᠤᠨ ᠤᠯᠠᠮᠵᠢᠯᠠᠭᠴᠢ ᠪᠣᠯᠬᠤ ᠶᠢ ᠢᠯᠡᠷᠭᠡᠶᠢᠯᠡᠨ᠂ ᠡᠬᠢᠯᠡᠯᠲᠡ ᠶᠢᠨ ᠶᠣᠰᠣᠯᠠᠯ ᠳᠤ ᠪᠠᠰᠠ ᠰᠢᠯᠢᠳᠡᠭ ᠪᠠᠭᠰᠢ᠂ ᠰᠤᠷᠤᠭᠴᠢ ᠵᠢᠴᠢ ᠠᠩᠭᠢ ᠨᠡᠶᠢᠲᠡ ᠶᠢ ᠬᠥᠬᠢᠭᠦᠯᠦᠨ ᠰᠠᠶᠢᠰᠢᠶᠠᠵᠤ᠂ ᠰᠤᠷᠤᠭᠴᠢᠳ ᠤᠨ ᠪᠡᠶ᠎ᠡ ᠳᠠᠮᠢᠷ ᠤᠨ ᠴᠤᠭᠯᠠᠭᠠᠨ ᠨᠢ ᠡᠶ᠎ᠡ ᠨᠠᠶᠢᠷᠳᠠᠢ᠂ ᠬᠤᠷᠴᠠ ᠰᠢᠷᠤᠭᠦᠨ ᠦᠷᠢᠰᠦᠯᠳᠦᠭᠡᠨ ᠲᠠᠢ᠂ ᠡᠷᠴᠢ ᠬᠦᠴᠦ  ᠲᠠᠢ ᠰᠠᠶᠢᠬᠠᠨ ᠶᠠᠪᠤᠭᠳᠠᠵᠤ᠂ ᠨᠢᠬᠡ ᠡᠳᠦᠷ ᠬᠠᠭᠠᠰ ᠤᠨ ᠳᠤᠷᠰᠢ ᠬᠡᠦᠬᠡᠳ ᠤᠳ ᠪᠠᠶᠠᠷ ᠤᠨ ᠡᠳᠦᠷ ᠢᠶᠠᠨ ᠤᠳᠬ᠎ᠠ ᠠᠭᠤᠯᠭ᠎ᠠ ᠲᠠᠢ ᠰᠠᠶᠢᠬᠠᠨ ᠦᠩᠭᠡᠷᠡᠬᠦᠯᠦᠯ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号