ᠰᠠᠩᠪᠤᠯᠠᠭ ᠰᠤᠮᠤ ᠨᠡᠭᠦᠳᠡᠯ ᠮᠠᠯᠵᠢᠯ ᠤᠨ ᠰᠣᠶᠣᠯ ᠵᠠᠩ ᠦᠶᠯᠡ ᠶᠢᠨ ᠵᠢᠱᠢᠶ᠎ᠡ ᠦᠵᠡᠭᠦᠯᠬᠦ ᠴᠡᠭ ᠪᠠᠶᠢᠭᠤᠯᠤᠭᠰᠠᠨ
ᠨᠡᠶᠢᠲᠡᠯᠡᠭᠰᠡᠨ ᠴᠠᠭ᠄
2024/6/1
     ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠮᠲᠤ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠮᠠᠯᠴᠢᠨ ᠲᠦᠮᠡᠨ ᠤ ᠤᠷᠤᠯᠭ᠎ᠠ ᠶᠢ ᠨᠡᠮᠡᠭᠳᠡᠬᠦᠯᠦᠨ ᠴᠢᠨᠡᠭᠡᠯᠢᠭᠵᠢᠯ ᠢ ᠠᠬᠢᠭᠤᠯᠬᠤ ᠶᠢᠨ ᠲᠥᠯᠥᠭᠡ᠂ ᠰᠠᠩᠪᠤᠯᠠᠭ ᠰᠤᠮᠤ ᠨᠡᠭᠦᠳᠡᠯ ᠮᠠᠯᠵᠢᠯ ᠤᠨ ᠰᠣᠶᠣᠯ ᠵᠠᠩ ᠦᠢᠯᠡ ᠶᠢᠨ ᠵᠢᠱᠢᠶ᠎ᠡ ᠦᠵᠡᠭᠦᠯᠬᠦ ᠴᠡᠭ ᠪᠠᠶᠢᠭᠤᠯᠤᠨ᠂ ᠤᠶᠢᠷ᠎ᠠ ᠳᠤ ᠡᠬᠢᠯᠡᠯᠲᠡ ᠶᠢᠨ ᠶᠣᠰᠣᠯᠠᠯ ᠢᠶᠠᠨ ᠶᠠᠪᠤᠭᠳᠠᠭᠤᠯᠪᠠ᠃       ᠰᠠᠩᠪᠤᠯᠠᠭ ᠰᠤᠮᠤᠨ ᠤ ᠺᠠᠳ᠋ᠷ ᠠᠵᠢᠯᠲᠠᠨ᠂ 9 ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠨ᠂ ᠮᠠᠯᠴᠢᠨ ᠲᠦᠮᠡᠨ ᠠᠵᠢᠯᠯᠠᠭ᠎ᠠ ᠳᠤ ᠣᠷᠣᠯᠴᠠᠪᠠ᠃      ᠠᠵᠢᠯᠯᠠᠭᠠᠨ ᠤ ᠲᠤᠬᠠᠶ ᠶᠢᠨ ᠲᠠᠯᠠᠪᠠᠶ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠦᠵᠡᠬᠦᠯᠪᠦᠷᠢ ᠶᠠᠪᠤᠭᠳᠠᠵᠤ᠂ ᠰᠤᠮᠤᠨ ᠤ ᠺᠠᠳ᠋ᠷ ᠠᠵᠢᠯᠳᠠᠨ᠂ ᠡᠯ᠎ᠡ ᠭᠠᠴᠠᠭᠠᠨ ᠤ ᠮᠠᠯᠴᠢᠨ ᠲᠦᠮᠡᠨ ᠤᠶᠠᠩᠭ᠎ᠠ ᠳᠠᠭᠤᠤ ᠤᠷᠠᠨ ᠪᠦᠵᠢᠭ ᠢᠶᠠᠨ ᠡᠷᠬᠦᠨ ᠪᠠᠷᠢᠵᠤ᠂ ᠰᠦᠨᠢᠳ ᠨᠤᠳᠤᠭ ᠤᠨ ᠠᠷᠠᠳ ᠲᠦᠮᠡᠨ ᠤ ᠤᠷ᠎ᠠ ᠠᠪᠢᠶᠠᠰ᠂ ᠤᠯᠠᠮᠵᠢᠯᠠᠯᠳᠤ ᠰᠤᠶᠤᠯ᠂ ᠦᠭᠡᠳᠡᠷᠡᠭ ᠵᠢᠪᠬᠤᠭ᠎ᠠ ᠶᠢ ᠬᠠᠷᠠᠭᠤᠯᠤᠨ᠂ ᠠᠵᠢᠯᠯᠠᠭᠠᠨ ᠤ ᠳᠠᠷᠠᠭ᠎ᠠ ᠪᠠᠰᠠ ᠬᠤᠷᠠᠭᠰᠠᠨ ᠤᠯᠠᠨ ᠳᠤ ᠬᠤᠸᠠᠷ ᠫᠤᠤᠵᠢᠩ ᠰᠤᠨᠢᠷᠬᠠᠭᠤᠯᠵᠤ᠂ ᠲᠦᠳᠡᠭ ᠭᠠᠯ ᠬᠦᠭᠵᠢᠬᠡᠨ᠂ ᠬᠤᠷᠠᠭᠰᠠᠨ ᠤᠯᠠᠨ ᠢᠶᠠᠷ ᠢᠶᠠᠨ ᠳᠤᠭᠤᠷᠢᠨ ᠪᠦᠵᠢᠵᠦ ᠳᠠᠭᠤᠯᠠᠨ ᠪᠠᠶᠠᠰᠤᠯᠳᠤᠯ᠎ᠠ᠃     ᠨᠡᠭᠦᠳᠡᠯ ᠰᠣᠶᠣᠯ ᠤᠨ ᠵᠠᠩ ᠦᠢᠯᠡ ᠶᠢᠨ ᠵᠢᠱᠢᠶ᠎ᠡ ᠦᠵᠡᠭᠦᠯᠬᠦ ᠴᠡᠭ ᠤᠨ ᠦᠵᠡᠬᠦᠯᠦᠯᠬᠡ ᠶᠢᠨ ᠲᠢᠩᠬᠢᠮ ᠳᠤ᠂ ᠳᠠᠯᠠᠭᠠᠳ ᠣᠨ ᠤ ᠦᠶ᠎ᠡ ᠶᠢᠨ ︽ᠤᠯᠠᠭᠠᠨ ᠪᠣᠭᠴᠣ︾᠂ ᠬᠠᠭᠤᠴᠢᠨ ᠤ ᠪᠣᠳᠠᠰ᠂ ᠳᠤᠬᠠᠢ ᠶᠢᠨ ᠭᠠᠵᠠᠷ ᠤᠨ ᠮᠠᠯᠴᠢᠳ ᠤᠨ ᠦᠪᠡᠷᠳᠡᠭᠡᠨ ᠬᠢᠭᠰᠡᠨ ᠴᠠᠭᠠᠨ ᠢᠳᠡᠭᠡ᠂ ᠰᠥᠨᠢᠳ ᠦᠬᠡᠷ ᠬᠤᠨᠢᠨ ᠮᠢᠬ᠎ᠠ ᠵᠡᠷᠭᠡ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ ᠶᠢ ᠳᠡᠯᠭᠡᠵᠦ᠂ ᠵᠢᠭᠤᠯᠴᠢᠨ ᠲᠦᠮᠡᠨ ᠳᠤ ᠳᠤᠬᠠᠢ ᠶᠢᠨ ᠭᠠᠵᠠᠷ ᠤᠨ ᠰᠤᠶᠤᠯ ᠵᠠᠩ ᠦᠢᠯᠡ ᠶᠢ ᠤᠶᠢᠯᠠᠭᠠᠭᠤᠯᠤᠨ᠂ ᠴᠡᠪᠡᠷ ᠪᠠᠶᠢᠭᠠᠯᠢᠯᠢᠭ ᠤᠨᠴᠠᠯᠢᠭᠳᠤ ᠢᠳᠡᠭᠡᠨ ᠤᠮᠳᠠᠭᠠᠨ ᠢ ᠪᠤᠷᠤᠯᠠᠭᠤᠯᠵᠤ᠂ ᠭᠡᠷ ᠤᠨ ᠭᠠᠳᠠᠨ᠎ᠠ ᠪᠠᠰᠠ ᠰᠤᠷ ᠬᠠᠷᠪᠤᠯᠳᠠ ᠶᠢᠨ ᠲᠠᠯᠠᠪᠤᠷ᠂ ᠰᠡᠯᠡᠭᠦᠴᠡᠯ ᠤᠨ ᠲᠠᠯᠠᠪᠤᠷ ᠪᠠᠶᠢᠭᠤᠯᠵᠤ᠂ ᠭᠡᠦᠭᠡᠳ ᠤᠨ ᠳᠤᠭᠯᠠᠭᠠᠮ ᠤᠨ ᠲᠦᠭᠦᠭᠡᠷᠦᠮᠵᠢ ᠳᠤᠬᠢᠷᠠᠭᠤᠯᠤᠭᠰᠠᠨ ᠨᠢ ᠵᠢᠭᠤᠯᠴᠢᠨ ᠲᠦᠮᠡᠨ ᠳᠤ ᠰᠡᠯᠡᠬᠦᠴᠡᠨ ᠵᠤᠭᠠᠯᠠᠬᠤ ᠶᠢᠨ ᠳᠠᠭᠠᠤ ᠦᠨᠳᠦᠰᠦᠳᠡᠨ ᠤ ᠰᠤᠶᠤᠯ ᠢ ᠪᠡᠶᠡᠴᠢᠯᠡᠨ ᠤᠶᠢᠯᠠᠭᠠᠬᠤ ᠪᠤᠯᠤᠮᠵᠢ ᠬᠠᠩᠭᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠲᠣᠰ ᠭᠠᠵᠠᠷ ᠣᠷᠣᠨ ᠤ ᠰᠣᠶᠣᠯ ᠢ ᠤᠬᠠᠭᠤᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠢᠨ᠎ᠡ ᠪᠣᠷᠣᠯᠠᠭᠤᠯᠭ᠎ᠠ ᠶᠢᠨ ᠵᠠᠮ ᠢ ᠨᠡᠭᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠦᠰᠢᠭᠯᠡᠨ ᠮᠠᠯᠴᠢᠨ ᠲᠦᠮᠡᠨ ᠤ ᠣᠷᠣᠯᠭ᠎ᠠ  ᠪᠠᠨ ᠨᠡᠮᠡᠭᠳᠡᠭᠦᠯᠵᠦ ᠪᠡᠶᠡᠵᠢᠨ ᠴᠢᠨᠡᠭᠡᠯᠢᠭᠵᠢᠬᠦ ᠶᠢ ᠳᠠᠶᠢᠴᠢᠯᠠᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠴᠢᠳ ᠤᠨ ᠵᠣᠯ ᠵᠢᠷᠭᠠᠯ ᠢ ᠤᠯᠠᠮ ᠨᠡᠮᠡᠭᠳᠡᠬᠦᠯᠬᠦ ᠶᠢ ᠵᠤᠷᠢᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号