ᠦᠨᠳᠦᠰᠦᠨ ᠱᠠᠲᠤᠨ ᠤ ᠤᠳᠬ᠎ᠠ ᠤᠷᠠᠯᠢᠭ ᠤᠨ ᠹᠷᠣᠨᠲ ᠤᠨ ᠠᠵᠢᠯᠲᠠᠨ᠂ ᠤᠯᠠᠭᠠᠨᠮᠥ᠋ᠴᠢᠷ ᠤᠨ | ᠲᠣᠭᠯᠠᠯᠲᠠ ᠶᠢᠨ ᠠᠩᠭᠢ ᠶᠢᠨ ︽ᠳᠠᠭᠠᠭᠤᠯᠤᠭᠴᠢ︾ ᠪᠣᠯᠤᠭᠰᠠᠨ ᠤ ᠬᠤᠪᠢ ᠳᠤ᠂ ᠵᠠᠨ᠎ᠠ ᠢᠮᠠᠭᠲᠠ ᠨᠠᠮ ᠤᠨ | ᠤᠳᠬ᠎ᠠ ᠤᠷᠠᠯᠢᠭ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠡᠩᠨᠡᠭᠡ ᠪᠠᠨ ᠳᠠᠭᠠᠭᠤᠯᠤᠨ | ᠲᠣᠭᠯᠠᠯᠲᠠ ᠭᠠᠷᠭᠠᠵᠤ᠂ ᠵᠣᠬᠢᠶᠠᠨ ᠪᠦᠲᠦᠭᠡᠯᠭᠡ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠤᠳᠬ᠎ᠠ | ᠤᠷᠠᠯᠢᠭ ᠤᠨ ᠦᠢᠯᠡᠰ ᠤᠨ ᠬᠦᠭᠵᠢᠯᠳᠡ ᠳᠤ ᠵᠢᠳᠬᠦᠭᠰᠡᠭᠡᠷ ᠶᠠᠪᠤᠭ᠎ᠠ ᠶᠤᠮ᠃ | ᠬᠤᠰᠢᠭᠤ ᠤᠯᠠᠭᠠᠨᠮᠥ᠋ᠴᠢᠷ ᠤᠨ ᠬᠥᠭᠵᠢᠮ ᠤᠨ ᠪᠣᠯᠪᠠᠰᠤᠷᠠᠯ ᠤᠨ ᠲᠢᠩᠬᠢᠮ ᠳᠤ ᠣᠷᠣᠬᠤ ᠳᠤ᠂ | ᠤᠯᠠᠭᠠᠨᠮᠥ᠋ᠴᠢᠷ ᠤᠨ ᠳᠠᠷᠤᠭ᠎ᠠ ᠵᠠᠨ᠎ᠠ ᠵᠤᠷᠰᠢᠯ ᠶᠤᠰᠤᠭᠠᠷ ᠠᠩᠭᠢ ᠶᠢᠨ ᠭᠡᠰᠢᠭᠦᠳ ᠲᠠᠢ ᠪᠠᠨ ᠣᠶᠢᠷ᠎ᠠ ᠶᠢᠨ | ᠬᠤᠭᠤᠴᠠᠭᠠᠨ ᠤ ᠲᠣᠭᠯᠠᠯᠲᠠ ᠪᠠᠨ ᠪᠡᠯᠡᠳᠬᠡᠵᠦ ᠪᠤᠯᠪᠠᠰᠤᠷᠠᠭᠠᠳ ᠶᠠᠭᠠᠷᠠᠨ᠎ᠠ᠃ ︽ᠰᠤᠩᠭᠤᠭᠰᠠᠨ ᠠᠵᠢᠯ ᠲᠦᠷᠦᠯ | ᠢᠶᠠᠨ ᠯᠠᠪᠳᠠᠭᠤᠨ ᠪᠠᠳᠤᠳᠠᠢ ᠰᠠᠶᠢᠳᠤᠷ ᠬᠢᠬᠦ︾ ᠪᠤᠯ ᠵᠠᠨ᠎ᠠ ᠶᠢᠨ ᠠᠵᠢᠯ ᠤᠨ ᠪᠠᠷᠢᠮᠳᠠᠯᠠᠯ᠂ ᠦᠪᠡᠷᠳᠡᠭᠡᠨ ᠳᠠᠯᠪᠢᠭᠰᠠᠨ | ᠱᠠᠭᠠᠷᠳᠠᠯᠭ᠎ᠠ ᠪᠠᠶᠢᠯ᠎ᠠ᠃ | ᠵᠠᠨ᠎ᠠ ᠪᠤᠯ ᠤᠯᠤᠰ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠳᠤᠭᠯᠠᠭᠴᠢ᠂ ᠭᠤᠷᠪᠠᠳᠤᠭᠠᠷ | ᠳᠡᠰ ᠤᠨ ᠲᠣᠭᠯᠠᠭᠴᠢ᠃ ᠦᠨᠳᠦᠰᠦᠨ ᠱᠠᠲᠤᠨ ᠠᠴᠠ ᠦᠰᠦᠨ ᠪᠣᠶᠢᠵᠢᠭᠰᠠᠨ ᠤᠳᠬ᠎ᠠ ᠤᠷᠠᠯᠢᠭ ᠤᠨ ᠠᠵᠢᠯᠲᠠᠨ | ᠪᠣᠯᠤᠭᠰᠠᠨ ᠤ ᠬᠤᠪᠢ ᠳᠤ᠂ ᠵᠠᠨ᠎ᠠ ᠤᠯᠠᠭᠠᠨᠮᠦ᠋ᠴᠢᠷ ᠲᠤ ᠡᠯᠰᠡᠭᠳᠡᠨ ᠤᠷᠤᠵᠤ᠂ ᠨᠢᠭᠡᠨ ᠡᠩ ᠤᠨ ᠭᠡᠰᠢᠭᠦᠨ ᠠᠴᠠ | ᠤᠯᠠᠭᠠᠨᠮᠥ᠋ᠴᠢᠷ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠬᠦ ᠬᠦᠷᠲᠡᠯ᠎ᠡ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠮᠠᠯᠴᠢᠨ ᠲᠦᠮᠡᠨ ᠤ ᠵᠤᠭᠰᠤᠴᠠ ᠠᠴᠠ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠠᠵᠢᠯᠳᠠᠨ ᠬᠡᠷᠬᠢᠨ ᠤᠯᠠᠨ | ᠲᠦᠮᠡᠨ ᠳᠤ ᠨᠡᠩ ᠰᠠᠶᠢᠨ ᠦᠢᠯᠡᠴᠢᠯᠡᠪᠡᠯ ᠵᠤᠬᠢᠬᠤ ᠳᠤᠬᠠᠢ ᠪᠠᠶᠢᠩᠭᠤ ᠰᠡᠳᠬᠢᠵᠦ᠂ ᠠᠵᠢᠯ ᠳᠤ ᠤᠷᠤᠭᠰᠠᠨ 18 | ᠵᠢᠯ ᠤᠨ ᠲᠤᠷᠰᠢ᠂ ᠲᠡᠷᠡ ᠤᠭ ᠰᠠᠨᠠᠭ᠎ᠠ ᠪᠠᠨ ᠢᠮᠠᠭᠲᠠ ᠪᠠᠷᠢᠮᠲᠠᠯᠠᠵᠤ᠂ ᠭᠡᠰᠢᠭᠦᠳ ᠲᠠᠢ ᠪᠠᠨ ᠬᠥᠳᠡᠭᠡ ᠲᠣᠰᠬᠤᠨ᠂ | ᠠᠵᠤ ᠠᠬᠤᠶᠢᠯᠠᠯ ᠦᠢᠯᠡᠳᠪᠦᠷᠢ ᠠᠭᠤᠷᠬᠠᠢ ᠵᠡᠷᠭᠡ ᠭᠠᠵᠠᠷ ᠲᠤ ᠭᠦᠨᠵᠡᠭᠡᠶᠢᠷᠡᠨ ᠳᠤᠭᠯᠠᠯᠳᠠ ᠤᠬᠠᠭᠤᠯᠭ᠎ᠠ᠂ | ᠦᠢᠯᠡᠴᠢᠯᠡᠭᠡ ᠵᠢᠯᠤᠭᠤᠳᠤᠯᠭ᠎ᠠ ᠦᠷᠨᠢᠬᠦᠯᠦᠨ᠂ ᠦᠵᠡᠭᠴᠢ ᠲᠦᠮᠡᠨ ᠳᠤ ᠪᠠᠨ ᠨᠠᠮ ᠲᠦᠷᠦ ᠶᠢᠨ ᠳᠠᠭᠤᠤ ᠬᠤᠭᠤᠯᠠᠢ | ᠶᠢ ᠳᠠᠮᠵᠢᠭᠤᠯᠤᠨ᠂ ᠪᠠᠶᠠᠷ ᠪᠠᠶᠠᠰᠤᠯ ᠪᠠ ᠪᠤᠯᠪᠠᠰᠤᠨ ᠢ ᠬᠦᠷᠭᠡᠪᠡ᠃ | ᠳᠤᠭᠯᠠᠯᠳᠠ ᠶᠢᠨ ᠠᠩᠭᠢ ᠪᠠᠨ ᠳᠠᠭᠠᠭᠤᠯᠤᠨ ᠲᠣᠭᠯᠠᠯᠲᠠ ᠭᠠᠷᠭᠠᠵᠤ᠂ ᠭᠡᠰᠢᠭᠦᠳ ᠲᠠᠢ ᠪᠠᠨ ᠰᠣᠶᠣᠯ ᠤᠨ | ᠰᠠᠶᠢᠨ ᠳᠤᠷ᠎ᠠ ᠶᠢᠨ ᠠᠵᠢᠯᠯᠠᠭᠴᠢ ᠶᠢᠨ ᠡᠭᠦᠷᠭᠡ ᠶᠢ ᠡᠭᠦᠷᠭᠡᠯᠡᠵᠦ᠂ ᠤᠳᠬ᠎ᠠ ᠤᠷᠠᠯᠢᠭ ᠤᠨ ᠦᠢᠯᠡᠴᠢᠯᠡᠭᠡ | ᠵᠢᠯᠤᠭᠤᠳᠤᠯᠭ᠎ᠠ ᠦᠷᠨᠢᠬᠦᠯᠬᠦ ᠪᠤᠯ ᠵᠠᠨ᠎ᠠ ᠶᠢᠨ ᠡᠳᠦᠷ ᠳᠤᠳᠤᠮ ᠤᠨ ᠠᠵᠢᠯ ᠤᠨ ᠵᠤᠷᠰᠢᠯ ᠪᠠᠶᠢᠵᠤ᠂ ᠵᠢᠯ ᠪᠦᠷᠢ | 100 ᠭᠠᠷᠤᠢ ᠤᠳᠠᠭ᠎ᠠ ᠦᠨᠳᠦᠰᠦᠨ ᠱᠠᠲᠤᠨ ᠳᠤ ᠪᠠᠭᠤᠵᠤ ᠤᠬᠠᠭᠤᠯᠭ᠎ᠠ ᠵᠢᠯᠣᠭᠤᠳᠤᠯᠭ᠎ᠠ᠂ ᠳᠤᠭᠯᠠᠯᠳᠠ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠶᠢᠨ ᠬᠠᠮᠲᠤ ᠪᠠᠰᠠ ᠪᠦᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ | ᠤᠯᠠᠨ ᠲᠦᠮᠡᠨᠴᠢ ᠤᠳᠬ᠎ᠠ ᠤᠷᠠᠯᠢᠭ ᠤᠨ ᠪᠦᠯᠬᠦᠮ᠂ ᠠᠵᠢᠯ ᠤᠨ ᠴᠢᠯᠦᠭᠡᠨ ᠤ ᠤᠳᠬ᠎ᠠ ᠤᠷᠠᠯᠢᠭ ᠤᠨ ᠵᠣᠬᠢᠶᠠᠨ | ᠪᠠᠶᠢᠭᠤᠯᠤᠯᠲᠠ᠂ ᠤᠳᠬ᠎ᠠ ᠤᠷᠠᠯᠢᠭ ᠤᠨ ᠪᠠᠭ᠋ᠠᠳᠠᠳ ᠲᠤ ᠤᠷᠠᠯᠢᠭ ᠤᠨ ᠵᠢᠯᠣᠭᠤᠳᠤᠯᠭ᠎ᠠ ᠬᠠᠩᠭᠠᠳᠠᠭ᠃ | ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠵᠠᠨ᠎ᠠ ᠲᠤᠬᠠᠶᠢᠯᠠᠭᠰᠠᠨ ᠠᠵᠢᠯ ᠢᠶᠠᠨ ᠰᠠᠶᠢᠳᠤᠷ | ᠥᠷᠨᠢᠭᠦᠯᠬᠦ ᠶᠢᠨ ᠬᠠᠮᠲᠤ ᠪᠠᠰᠠ ᠵᠢᠱᠢᠶᠡᠴᠢ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠵᠤ᠂ ᠡᠳᠦᠷ | ᠳᠤᠳᠤᠮ ᠤᠨ ᠠᠵᠢᠯ ᠪᠠ ᠰᠤᠷᠤᠯᠴᠠᠯᠭ᠎ᠠ ᠳᠤᠮᠳᠠ ᠪᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠪᠦᠬᠦ ᠨᠠᠮ ᠤᠨ ᠭᠡᠰᠢᠭᠦᠨ ᠢ ᠵᠣᠬᠢᠶᠠᠨ | ᠪᠠᠶᠢᠭᠤᠯᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢᠨ ᠰᠤᠷᠤᠯᠴᠠᠯᠭ᠎ᠠ᠂ ᠤᠬᠠᠭᠤᠯᠤᠨ | ᠲᠠᠶᠢᠯᠪᠤᠷᠢᠯᠠᠯᠲᠠ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ | ᠪᠣᠯᠭᠠᠬᠤ ᠤᠬᠠᠮᠰᠠᠷ ᠢ ᠦᠨᠳᠦᠰᠦᠨ ᠱᠠᠲᠤ ᠲᠡᠰᠢ ᠥᠷᠭᠡᠳᠬᠡᠬᠦ ᠶᠢ ᠠᠬᠢᠭᠤᠯᠵᠤ ᠪᠠᠶᠢᠨ᠎ᠠ᠃ | ᠤᠯᠠᠭᠠᠨᠮᠦ᠋ᠴᠢᠷ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠰᠢ᠂ ᠲᠡᠷᠡ ᠤᠷᠢᠳ ᠬᠤᠵᠢᠳ | ᠬᠤᠶᠠᠷ ᠢ ᠬᠦᠷᠢᠶᠡᠯᠡᠬᠦ ᠪᠠᠷ ᠭᠤᠣᠯ ᠰᠡᠳᠦᠪ ᠪᠣᠯᠭᠠᠭᠰᠠᠨ ᠮᠣᠩᠭᠤᠯ ᠵᠦᠴᠦᠭᠡ ︽ᠵᠢᠷᠦᠬᠡ ᠶᠢᠨ ᠬᠠᠶᠢᠷ᠎ᠠ︾᠂ | ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠪᠥᠵᠢᠭ ︽ᠳᠤᠮᠳᠠᠳᠤ ᠶᠢᠨ ᠦᠨᠳᠦᠰᠦᠳᠡᠨ ᠨᠢᠭᠡ ᠭᠡᠷ ᠤᠨ | ᠬᠢᠨ ᠮᠡᠳᠦ ᠳᠣᠲᠣᠨᠣ︾᠂ ︽ᠠᠨᠢᠷᠬᠠᠨ ᠬᠠᠶᠢᠷ᠎ᠠ︾᠂ ︽ᠰᠣᠩᠭᠤᠳᠠᠭ ᠳᠠᠭᠤᠨ ᠤ ᠴᠦᠷᠬᠦᠯᠡᠭᠡ︾᠂ ᠸᠢᠳᠢᠤ᠋ | ᠪᠢᠴᠢᠯᠬᠡ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠢᠨ ᠮᠡᠳᠦ ᠳᠣᠲᠣᠨᠣ᠂ ᠰᠡᠳᠬᠢᠯ ᠢᠶᠠᠨ ᠨᠢᠭᠡᠳᠬᠡᠵᠦ | ᠳᠤᠮᠳᠠᠳᠤ ᠶᠢᠨ ᠬᠦᠰᠡᠯ ᠢ ᠬᠠᠮᠲᠤᠪᠠᠷ ᠲᠡᠷᠭᠡᠯᠰᠢᠭᠦᠯᠦᠶ᠎ᠡ︾ ᠵᠡᠷᠭᠡ ᠮᠠᠯᠴᠢᠨ ᠲᠠᠷᠢᠶᠠᠴᠢᠨ ᠤ ᠪᠠᠭ᠋ᠠᠷᠬᠠᠯ ᠢ ᠣᠯᠣᠭᠰᠠᠨ᠂ | ᠤᠯᠤᠰ ᠤᠷᠤᠨ ᠢᠶᠠᠨ ᠮᠠᠭᠳᠠᠨ ᠳᠠᠭᠤᠯᠠᠭᠰᠠᠨ ᠠᠷᠪᠠᠭᠠᠳ ᠪᠦᠲᠦᠭᠡᠯ ᠵᠣᠬᠢᠶᠠᠨ ᠪᠦᠲᠦᠭᠡᠵᠡᠢ᠃ | ᠠᠷᠪᠠᠭᠠᠳ ᠵᠢᠯ ᠤᠨ ᠲᠤᠷᠰᠢ᠂ ᠵᠠᠨ᠎ᠠ ᠦᠷᠭᠦᠯᠵᠢ ᠤᠯᠠᠭᠠᠨᠮᠥ᠋ᠴᠢᠷ ᠢ ᠳᠠᠭᠠᠭᠤᠯᠤᠨ ᠡᠯ᠎ᠡ ᠭᠠᠵᠠᠷ ᠢᠶᠠᠷ | ᠳᠤᠭᠤᠷᠢᠨ ᠲᠣᠭᠯᠠᠯᠲᠠ ᠭᠠᠷᠭᠠᠵᠤ᠂ ᠤᠯᠤᠰ ᠤᠨ ᠳᠣᠲᠣᠭᠠᠳᠤ ᠭᠠᠳᠠᠭᠠᠳᠤ ᠳᠤ ᠤᠯᠠᠭᠠᠨᠮᠦ᠋ᠴᠢᠷ ᠤᠨ ᠤᠯᠠ ᠮᠥᠷ ᠢ | ᠳᠠᠮᠠᠭᠠᠯᠠᠨ᠂ ᠥᠷᠭᠡᠨ ᠣᠯᠠᠨ ᠦᠵᠡᠭᠴᠢᠳ ᠤᠨ ᠬᠦᠷᠢᠶᠡᠯᠡᠯ ᠢ ᠣᠯᠣᠭᠰᠠᠨ ᠪᠠᠶᠢᠨ᠎ᠠ᠃ | ᠰᠤᠷᠪᠤᠯᠵᠢᠯᠠᠭ᠎ᠠ᠄ ᠬᠤᠰᠢᠭᠤ ᠤᠯᠠᠭᠠᠨᠮᠥ᠋ᠴᠢᠷ ᠤᠨ ᠳᠠᠷᠤᠭ᠎ᠠ ᠵᠠᠨ᠎ᠠ ︵ᠲᠡᠷᠢᠭᠦᠨ ᠤ ᠠᠵᠢᠯᠲᠠᠨ ᠪᠣᠯᠤᠭᠰᠠᠨ ᠤ | ᠬᠤᠪᠢ ᠳᠤ᠂ ᠡᠩ ᠲᠡᠷᠢᠭᠦᠨ ᠳᠤ ᠮᠠᠰᠢ ᠠᠵᠠᠳᠠᠢ ᠰᠠᠨᠠᠭᠳᠠᠵᠤ ᠪᠠᠶᠢᠨ᠎ᠠ᠂ ᠬᠠᠮᠳᠤ ᠨᠡᠶᠢᠳᠡ ᠪᠣᠯᠣᠨ ᠳᠡᠭᠡᠳᠦ | ᠱᠠᠲᠤᠨ ᠤ ᠰᠠᠯᠠᠭ᠎ᠠ ᠮᠥᠴᠢᠷ ᠤᠨ ᠬᠢᠨ ᠤ ᠤᠳᠬ᠎ᠠ ᠤᠷᠠᠯᠢᠭ ᠤᠨ ᠠᠵᠢᠯᠲᠠᠨ ᠤ ᠬᠦᠮᠦᠵᠢᠬᠦᠯᠦᠯ ᠳᠤ ᠳᠠᠯᠠᠷᠬᠠᠵᠤ | ᠪᠠᠶᠢᠨ᠎ᠠ᠃ ᠤᠯᠠᠭᠠᠨᠮᠥ᠋ᠴᠢᠷ ᠤᠨ ᠨᠢᠬᠡᠨ ᠬᠡᠰᠢᠬᠦᠨ ᠪᠣᠯᠤᠭᠰᠠᠨ ᠤ ᠬᠤᠪᠢ ᠳᠤ᠂ ᠣᠯᠠᠨ ᠤ ᠳᠡᠮᠵᠢᠯᠬᠡ ᠪᠠ | ᠵᠣᠷᠢᠭᠵᠢᠭᠤᠯᠤᠯ ᠢᠶᠠᠷ ᠲᠡᠷᠢᠭᠦᠨ ᠤ ᠠᠵᠢᠯᠲᠠᠨ ᠪᠤᠯᠵᠠᠢ᠂ ᠡᠨᠡ ᠪᠤᠯ ᠪᠢᠳᠡ ᠪᠦᠬᠦᠨ ᠤ ᠬᠠᠮᠳᠤ ᠶᠢᠨ ᠴᠢᠷᠮᠠᠶᠢᠯᠭ᠎ᠠ ᠶᠢ | ᠬᠠᠷᠠᠭᠤᠯᠵᠤ ᠪᠠᠶᠢᠨ᠎ᠠ᠃ ᠬᠤᠵᠢᠮ ᠬᠤᠶᠢᠰᠢᠳᠡ ᠠᠵᠢᠯᠴᠢᠨ ᠠᠩᠭᠢ ᠵᠢᠴᠢ ᠬᠦᠳᠡᠯᠮᠤᠷᠢᠴᠢᠳ ᠤᠨ ᠬᠠᠷᠠᠮ ᠦᠭᠡᠢ | ᠵᠣᠷᠢᠭᠤᠯᠬᠤ ᠵᠣᠷᠢᠭ ᠰᠠᠨᠠᠭ᠎ᠠ ᠶᠢ ᠠᠵᠢᠯ ᠤᠨ ᠭᠠᠵᠠᠷ ᠪᠣᠯᠭᠠᠨ ᠳᠤ ᠨᠠᠶᠢᠳᠠᠪᠤᠷᠢᠵᠢᠭᠤᠯᠵᠤ᠂ ᠨᠠᠩ ᠣᠯᠠᠨ ᠰᠢᠯᠢᠳᠡᠭ | ᠤᠷᠠᠨ ᠰᠠᠶᠢᠬᠠᠨ ᠤ ᠲᠣᠭᠯᠠᠯᠲᠠ ᠶᠢ ᠵᠣᠬᠢᠶᠠᠨ ᠪᠦᠲᠦᠭᠡᠵᠦ᠂ ᠥᠪᠡᠷ ᠤᠨ ᠠᠷᠭ᠎ᠠ ᠮᠠᠶ᠋ᠢᠭ ᠢᠶᠠᠷ ᠢᠶᠠᠨ ᠮᠠᠯᠵᠢᠬᠤ | ᠲᠠᠷᠢᠶᠠᠯᠠᠬᠤ ᠣᠷᠣᠨ ᠪᠠ ᠠᠶᠢᠯ ᠡᠷᠦᠬᠡ ᠪᠤᠯᠭᠠᠨ ᠳᠤ ᠨᠠᠮ ᠤᠨ ᠲᠠᠭᠤᠨ ᠢ ᠬᠦᠷᠭᠡᠵᠦ᠂ ᠲᠠᠯ᠎ᠠ ᠨᠤᠲᠤᠭ ᠲᠤ | ᠳᠠᠮᠵᠢᠭᠤᠯᠤᠨ᠎ᠠ᠃ ᠰᠢᠨ᠎ᠡ ᠠᠶᠠᠨ ᠵᠠᠮ ᠳᠤ᠂ ᠪᠢ ᠤᠯᠠᠭᠠᠨᠮᠥ᠋ᠴᠢᠷ ᠤᠨ ᠲᠤᠭᠯᠠᠭᠴᠢᠳ ᠲᠠᠢ ᠪᠠᠨ ᠨᠡᠩ ᠢᠯᠡᠬᠦᠤ | ᠨᠢᠭᠳᠠᠷᠠᠨ ᠪᠦᠯᠬᠦᠮᠳᠡᠵᠦ᠂ ᠤᠯᠠᠭᠠᠨᠮᠥ᠋ᠴᠢᠷ ᠤᠨ ᠲᠤᠭ ᠢ ᠤᠯᠠᠮ ᠥᠨᠳᠥᠷ ᠲᠤ ᠨᠠᠮᠢᠷᠠᠭᠤᠯᠤᠨ᠎ᠠ᠃︶ | 2017 ᠣᠨ ᠳᠤ᠂ ᠵᠠᠨ᠎ᠠ ᠶᠢᠨ ᠵᠣᠬᠢᠶᠠᠨ ᠪᠦᠲᠦᠭᠡᠭᠰᠡᠨ ︽ᠳᠥᠷᠪᠡᠨ ᠬᠠᠶᠢᠷᠬᠠᠨ ᠤ ᠳᠠᠯ᠎ᠠ︾ ᠠᠷᠠᠳ ᠤᠨ | ᠬᠦᠭᠵᠢᠮ ᠤᠨ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ | ᠵᠣᠬᠢᠶᠠᠨ ᠪᠦᠲᠦᠭᠡᠯᠭᠡ ᠶᠢᠨ ᠬᠤᠶᠠᠳᠤᠭᠠᠷ ᠳᠡᠰ ᠤᠨ ᠱᠠᠩᠨᠠᠯ ᠢ ᠭᠥᠷᠳᠡᠵᠦ᠂ 2020 ᠣᠨ ᠳᠤ ᠵᠣᠬᠢᠶᠠᠨ | ᠪᠦᠲᠦᠭᠡᠭᠰᠡᠨ ︽ᠵᠢᠷᠦᠬᠡ ᠶᠢᠨ ᠬᠠᠶᠢᠷ᠎ᠠ︾ ᠮᠣᠩᠭᠤᠯ ᠵᠦᠴᠦᠭᠡ ᠶᠢᠨ ᠳᠠᠭᠤᠤ ᠬᠥᠭᠵᠢᠮ ᠨᠢ ᠬᠠᠲᠤᠨ ᠭᠤᠣᠯ | ᠳᠠᠭᠠᠤ ᠮᠤᠵᠢ ᠣᠷᠣᠨ ᠤ ᠣᠷᠣᠨ ᠨᠤᠲᠤᠭ ᠤᠨ ᠰᠢ ᠵᠦᠴᠦᠭᠡ ᠶᠢᠨ ᠳᠠᠭᠤᠤ ᠬᠥᠭᠵᠢᠮ ᠤᠨ ᠱᠠᠩᠨᠠᠯ ᠢ ᠬᠦᠷᠳᠡᠵᠦ᠂ | ᠵᠠᠨ᠎ᠠ ᠦᠪᠡᠷ ᠢᠶᠠᠨ 2017 ᠣᠨ ᠳᠤ ᠪᠥᠬᠦ ᠠᠶᠢᠮᠠᠭ ᠤᠨ ᠰᠢᠯᠢᠳᠡᠭ ᠤᠯᠠᠭᠠᠨᠮᠥ᠋ᠴᠢᠷ ᠤᠨ ᠭᠡᠰᠢᠭᠦᠨ ᠢᠶᠠᠷ | ᠰᠣᠩᠭᠤᠭᠳᠠᠵᠤ᠂ 2021 ᠣᠨ ᠳᠤ ᠪᠥᠬᠦ ᠠᠶᠢᠮᠠᠭ ᠤᠨ ᠲᠡᠷᠢᠭᠦᠨ ᠤ ᠠᠵᠢᠯᠲᠠᠨ ᠢᠶᠠᠷ ᠰᠤᠩᠭᠤᠭᠳᠠᠵᠤ᠂ ᠬᠢᠭᠰᠡᠨ | ᠠᠵᠢᠯ ᠤᠨ ᠢᠶᠠᠨ ᠦᠷ᠎ᠡ ᠳ᠋ᠦᠩ ᠢ ᠨᠤᠳᠠᠯᠠᠭᠤᠯᠵᠤ᠂ ᠵᠢᠳᠬᠦᠭᠰᠡᠨ ᠦᠢᠯᠡᠰ ᠲᠤ ᠪᠠᠨ ᠠᠮᠵᠢᠯᠳᠠᠳᠠᠢ ᠬᠢᠯᠠᠷᠠᠭᠤᠯᠵᠤ | ᠶᠠᠪᠤᠭ᠎ᠠ ᠶᠤᠮ᠃ |