ᠰᠥᠨᠢᠳ ᠪᠠᠷᠠᠭᠤᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠵᠢᠵᠢᠭ ᠪᠢᠴᠢᠯ ᠠᠶᠠᠨᠴᠢᠳ ᠤᠨ ᠮᠠᠰᠢᠨ ᠲᠡᠷᠭᠡ ᠲᠦᠷᠢᠶᠡᠰᠦᠯᠡᠭᠦᠯᠬᠦ ᠡᠵᠡᠩᠨᠡᠯᠲᠡ ᠬᠠᠮᠢᠶᠠᠷᠤᠯᠲᠠ ᠶᠢ ᠴᠢᠩᠭᠠᠳᠭᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/6/11
 ᠣᠳᠣᠬᠠᠨ ᠳᠤ᠂ ᠮᠠᠨ ᠤ ᠬᠤᠰᠢᠭᠤᠨ ᠤ ᠵᠠᠷᠢᠮ ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠲᠡᠷᠭᠡ ᠲᠦᠷᠢᠶᠡᠰᠦᠯᠡᠭᠦᠯᠬᠦ ᠡᠵᠡᠩᠨᠡᠭᠴᠢ ᠬᠠᠤᠯᠢ ᠶᠣᠰᠣᠭᠠᠷ ᠡᠵᠡᠩᠨᠡᠬᠦ ᠦᠵᠡᠯᠲᠡ ᠨᠢ ᠰᠤᠯᠠ ᠳᠣᠷᠣᠶ᠂ ᠬᠠᠮᠢᠶᠠᠷᠤᠯᠲᠠ ᠶᠢᠨ ᠲᠦᠷᠢᠮ ᠨᠢ ᠲᠡᠭᠦᠯᠳᠡᠷ ᠪᠤᠰᠤ᠂ ᠬᠠᠤᠯᠢ ᠪᠤᠰᠤ ᠪᠠᠷ ᠡᠵᠡᠩᠨᠡᠬᠦ ᠦᠵᠡᠭᠳᠡᠯ ᠪᠠᠶᠢᠨ ᠳᠠᠬᠢᠨ ᠭᠠᠷᠴᠤ ᠪᠠᠶᠢᠨ᠎ᠠ᠃ ︽ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠲᠡᠷᠭᠡ ᠲᠦᠷᠢᠶᠡᠰᠦᠯᠡᠨ ᠡᠵᠡᠩᠨᠡᠬᠦ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2021 ᠣᠨ ᠤ 17 ᠳ᠋ᠤᠭᠠᠷ ᠲᠣᠭᠠᠲᠤ︶ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠲᠡᠷᠭᠡ ᠲᠦᠷᠢᠶᠡᠰᠦᠯᠡᠨ ᠡᠵᠡᠩᠨᠡᠬᠦ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠲᠥᠷᠥᠯ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠲᠡᠷᠭᠡ ᠶᠢ ᠲᠦᠷᠢᠶᠡᠰᠦᠯᠡᠨ ᠡᠵᠡᠩᠨᠡᠬᠦ ᠶᠢ ᠡᠷᠬᠢᠯᠡᠵᠦ ᠪᠠᠶᠢᠪᠠᠯ᠂ ᠡᠷᠬᠡᠪᠰᠢ ︽ᠬᠠᠮᠢᠶᠠᠷᠤᠯᠲᠠ ᠶᠢᠨ ᠠᠷᠭ᠎ᠠ︾ ᠶᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠪᠣᠯᠣᠨ ᠦᠢᠯᠡᠴᠢᠯᠡᠭᠡᠨ ᠤ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠢ᠃    ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠲᠦᠷᠢᠶᠡᠰᠦᠯᠡᠨ ᠡᠵᠡᠩᠨᠡᠬᠦ ᠠᠵᠢᠯ ᠢ ᠬᠢᠬᠦ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠤᠯᠪᠣᠭᠳᠠᠯ ᠪᠦᠬᠦᠢ ᠳᠠᠩᠰᠠᠯᠠᠨ ᠲᠡᠮᠳᠡᠭᠯᠡᠬᠦ ᠭᠠᠷᠳᠠᠮ ᠢ ᠭᠦᠢᠴᠡᠳᠭᠡᠬᠦ ᠪᠤᠶᠤ ᠰᠢᠨ᠎ᠡ ᠪᠠᠷ ᠪᠠᠶᠢᠭᠤᠯᠤᠭᠰᠠᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠠᠵᠢᠯᠯᠠᠭ᠎ᠠ ᠦᠷᠨᠢᠭᠦᠯᠦᠭᠰᠡᠨ ᠤ ᠳᠠᠷᠠᠭᠠᠬᠢ 60 ᠡᠳᠦᠷ ᠤᠨ ᠳᠣᠲᠣᠷ᠎ᠠ᠂ ᠣᠶᠢᠷ᠎ᠠ ᠬᠠᠪᠢ ᠳᠤᠨᠢ ᠡᠵᠡᠩᠨᠡᠯᠲᠡ ᠶᠢᠨ ᠪᠠᠶᠢᠭ᠎ᠠ ᠬᠤᠲᠠ ᠶᠢᠨ ᠱᠠᠲᠤ ᠪᠤᠶᠤ ᠰᠢᠶᠠᠨ ᠤ ᠱᠠᠲᠤᠨ ᠤ ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠳᠦᠷᠢᠶᠡᠰᠦᠯᠡᠬᠦ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠬᠤ ᠶᠢᠨ ᠬᠠᠮᠲᠤ᠂ ᠲᠤᠰ ᠠᠷᠭ᠎ᠠ ᠶᠢᠨ ᠵᠢᠷᠭᠤᠳᠤᠭᠠᠷ ᠵᠦᠢᠯ ᠤᠨ ᠵᠣᠬᠢᠬᠤ ᠮᠠᠲ᠋ᠧᠷᠢᠶᠠᠯ ᠢ ᠳᠠᠭᠠᠯᠳᠤᠭᠤᠯᠤᠨ ᠬᠦᠷᠭᠡᠬᠦ ᠬᠡᠷᠡᠭᠲᠡᠢ᠃    ᠭᠤᠷᠪᠠ᠂ ᠮᠠᠨ ᠤ ᠬᠤᠰᠢᠭᠤᠨ ᠤ ᠣᠳᠣᠬᠠᠨ ᠳᠤ ᠳᠠᠩᠰᠠᠯᠠᠭᠤᠯᠬᠤ ᠭᠠᠷᠳᠠᠮ ᠭᠦᠢᠴᠡᠳᠬᠡᠭᠰᠡᠨ ᠥᠬᠡᠶ ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠲᠦᠷᠢᠶᠡᠰᠦᠯᠡᠨ ᠡᠵᠡᠩᠨᠡᠭᠴᠢ ᠨᠢ ᠡᠷᠬᠡᠪᠰᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠳᠠᠩᠰᠠᠯᠠᠭᠤᠯᠬᠤ ᠭᠠᠷᠳᠠᠮ ᠭᠦᠢᠴᠡᠳᠬᠡᠬᠦ ᠬᠡᠷᠡᠭᠲᠡᠶ᠃    ᠳᠥᠷᠪᠡ᠂ ᠡᠯ᠎ᠡ ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠲᠡᠷᠭᠡ ᠲᠦᠷᠢᠶᠡᠰᠦᠯᠡᠭᠦᠯᠬᠦ ᠡᠵᠡᠩᠨᠡᠭᠴᠢ ᠤᠬᠠᠮᠰᠠᠷ ᠠᠴᠠ ᠪᠠᠨ ᠬᠠᠤᠯᠢ ᠶᠣᠰᠣᠭᠠᠷ ᠡᠵᠡᠩᠨᠡᠵᠦ᠂ ᠴᠢᠨᠠᠷ ᠰᠠᠶᠢᠲᠠᠶ ᠦᠢᠯᠡᠴᠢᠯᠡᠵᠦ᠂ ᠭᠤᠣᠯᠴᠢ ᠪᠠᠷ ᠥᠷᠢᠰᠥᠯᠳᠦᠵᠦ᠂ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠦᠲᠦᠮᠵᠢᠲᠡᠶ ᠬᠠᠮᠠᠭᠠᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ ᠂ ᠠᠶᠤᠯᠭᠦᠢ ᠡᠵᠡᠩᠨᠡᠯᠲᠡ ᠶᠢ ᠪᠠᠲᠤᠯᠠᠬᠤ ᠬᠡᠷᠡᠭᠲᠡᠢ᠃    ᠲᠠᠪᠤ᠂ ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠲᠦᠷᠢᠶᠡᠰᠦᠯᠡᠭᠦᠯᠬᠦ ᠡᠵᠡᠩᠨᠡᠭᠴᠢ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠪᠤᠶᠤ ᠲᠦᠷᠢᠶᠡᠰᠦᠨ ᠮᠠᠰᠢᠨ ᠲᠡᠷᠭᠡ ᠡᠵᠡᠩᠨᠡᠬᠦ ᠵᠥᠪᠰᠢᠶᠡᠷᠡᠯ ᠢ ᠣᠯᠤᠭᠰᠠᠨ ᠥᠬᠡᠶ᠂ ᠲᠡᠷᠭᠡ ᠳᠠᠭᠠᠵᠤ ᠵᠢᠯᠣᠭᠤᠳᠬᠤ ᠬᠥᠳᠡᠯᠮᠦᠷᠢ ᠦᠢᠯᠡᠴᠢᠯᠡᠭᠡ ᠬᠠᠩᠭᠠᠬᠤ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠲᠦᠷᠢᠮ︾᠂ ︽ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾᠂ ︽ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠳᠠᠬᠢ ᠬᠠᠤᠯᠢ ᠪᠤᠰᠤ ᠪᠠᠷ ᠡᠵᠡᠩᠨᠡᠬᠦ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠨ᠎ᠠ᠃    ᠵᠢᠷᠭᠤᠭ᠎ᠠ᠂ ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠲᠡᠷᠭᠡ ᠲᠦᠷᠢᠶᠡᠰᠦᠯᠡᠨ ᠡᠵᠡᠩᠨᠡᠬᠦ ᠠᠵᠢᠯᠯᠠᠭ᠎ᠠ ᠬᠢᠬᠦ ᠳᠤ ᠲᠣᠭᠲᠠᠭᠠᠯ ᠶᠣᠰᠣᠭᠠᠷ ᠳᠠᠩᠰᠠᠯᠠᠭᠤᠯᠬᠤ ᠥᠬᠡᠶ᠂ ᠬᠠᠩᠭᠠᠭᠰᠠᠨ ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠲᠡᠷᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠲᠣᠭᠲᠠᠭᠠᠯ ᠳᠤ ᠨᠡᠶᠢᠴᠡᠬᠦ ᠥᠬᠡᠶ ᠵᠠᠮ ᠳᠤ ᠭᠠᠷᠬᠤ ᠨᠥᠬᠦᠴᠡᠯ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    ᠰᠥᠨᠢᠳ ᠪᠠᠷᠠᠭᠤᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ                    2024 ᠣᠨ ᠤ 6 ᠰᠠᠷ᠎ᠠ ᠶᠢᠨ 11 ᠤ ᠡᠳᠦᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号