ᠵᠢᠯᠣᠭᠤᠴᠢ ᠨᠠᠷ ᠡ᠂ ᠣᠯᠠᠨ ᠲᠦᠮᠡᠨ᠂ ᠮᠠᠯᠴᠢᠨ ᠨᠠᠶᠢᠵᠠ ᠨᠠᠷ ᠡ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠦᠷᠢᠮ︾ | ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ︽ | ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠦᠨᠡᠨ | ᠬᠦ ᠴᠢᠩᠭᠠᠳᠬᠠᠵᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠶᠢᠨ | ᠠᠯᠪᠠᠳᠠᠯᠭ᠎ᠠ ᠪᠠᠷ ᠬᠠᠰᠢᠯᠭ᠎ᠠ ᠲᠠᠭᠠᠷᠢᠬᠤ ᠶᠢ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ | ᠬᠠᠷᠢᠯᠴᠠᠭᠠᠨ ᠤ ᠡᠮᠬᠢ ᠵᠢᠷᠤᠮ ᠲᠠᠢ᠂ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ | ᠂ ᠡᠳᠦᠭᠡ ᠥᠨᠳᠥᠷ ᠤᠨ ᠬᠢᠵᠠᠭᠠᠷ ᠪᠠᠶᠢᠭᠤᠯᠬᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠥᠨᠳᠥᠷ ᠢ ᠬᠢᠵᠠᠭᠠᠷᠯᠠᠬᠤ ᠵᠢᠶᠠᠰᠠ ᠶᠢ ᠪᠣᠳᠠᠲᠠᠢ ᠲᠣᠬᠢᠷᠠᠭᠤᠯᠬᠤ ᠭᠠᠵᠠᠷ᠄ | G55 ᠲᠤᠰᠠᠯᠠᠬᠤ ᠵᠠᠮ ᠠᠴᠠ ᠰᠠᠢ ᠧ ᠱᠤᠭᠤᠮ ︵246 ᠰᠢᠶᠠᠩ ᠤᠨ ᠵᠠᠮ︶᠂ G55 ᠳᠡᠭᠡᠳᠦ | ᠬᠤᠷᠳᠤ ᠶᠢᠨ ᠵᠠᠰᠠᠮᠠᠯ ᠵᠠᠮ ᠠᠴᠠ ᠵᠡᠭᠦᠨᠰᠢ ᠪᠠᠷᠠᠭᠤᠨᠰᠢ ᠬᠥᠨᠳᠡᠯᠡᠨ ᠬᠥᠭᠦᠷᠭᠡ ᠶᠢᠨ ᠬᠤᠶᠠᠷ ᠬᠠᠵᠠᠭᠤ ᠶᠢᠨ | K001+700 ᠮᠧᠲᠷ ᠤᠨ ᠭᠠᠵᠠᠷ᠂ K002+100 ᠮᠧᠲᠷ ᠤᠨ ᠭᠠᠵᠠᠷ ᠲᠤ ᠥᠨᠳᠥᠷ ᠢ ᠬᠢᠵᠠᠭᠠᠷᠯᠠᠬᠤ | ᠲᠥᠬᠦᠭᠡᠷᠦᠮᠵᠢ ᠲᠣᠬᠢᠷᠠᠭᠤᠯᠵᠤ᠂ ᠥᠨᠳᠥᠷ ᠢ ᠬᠢᠵᠠᠭᠠᠷᠯᠠᠬᠤ ᠬᠡᠮᠵᠢᠶ᠎ᠡ ᠨᠢ 2.9 ᠮᠧᠲᠷ ᠪᠣᠯᠣᠨ᠎ᠠ᠃ | ᠰᠠᠶᠢᠬᠠᠨᠲᠠᠯ᠎ᠠ ᠪᠠᠯᠭᠠᠰᠤᠨ ᠠᠴᠠ ᠪᠠᠷᠠᠭᠤᠨ ᠬᠤᠶᠢᠰᠢ ᠨᠡᠶᠢᠳᠡ ᠶᠢᠨ ᠣᠩᠭᠤᠨ ᠤ ᠴᠢᠭᠯᠡᠯ ᠬᠦᠷᠲᠡᠯ᠎ᠡ᠂ G55 | ᠳᠡᠭᠡᠳᠦ ᠬᠤᠷᠳᠤ ᠶᠢᠨ ᠵᠠᠰᠠᠮᠠᠯ ᠵᠠᠮ ᠠᠴᠠ ᠵᠡᠭᠦᠨᠰᠢ ᠪᠠᠷᠠᠭᠤᠨᠰᠢ ᠬᠥᠨᠳᠡᠯᠡᠨ ᠬᠥᠭᠦᠷᠭᠡ ᠶᠢᠨ ᠬᠤᠶᠠᠷ ᠲᠠᠯ᠎ᠠ ᠪᠠᠷ | ᠥᠨᠳᠥᠷ ᠢ ᠬᠢᠵᠠᠭᠠᠷᠯᠠᠬᠤ ᠲᠥᠬᠦᠭᠡᠷᠦᠮᠵᠢ ᠲᠣᠬᠢᠷᠠᠭᠤᠯᠵᠤ᠂ ᠥᠨᠳᠥᠷ ᠢ ᠬᠢᠵᠠᠭᠠᠷᠯᠠᠬᠤ ᠬᠡᠮᠵᠢᠶ᠎ᠡ ᠨᠢ 2.9 ᠮᠧᠲᠷ᠃ | ᠨᠠᠰᠢ ᠴᠠᠰᠢ ᠶᠠᠪᠤᠬᠤ ᠲᠡᠷᠭᠡ ᠬᠥᠰᠬᠡ ᠶᠢᠨ ᠬᠤᠷᠳᠤᠴᠠ ᠪᠠᠨ ᠪᠠᠭᠠᠰᠬᠠᠵᠤ ᠠᠭᠠᠵᠢᠮ ᠶᠠᠪᠤᠵᠤ᠂ ᠵᠠᠮ | ᠬᠠᠷᠢᠯᠴᠠᠭᠠᠨ ᠤ ᠲᠡᠮᠳᠡᠭ᠂ ᠲᠡᠮᠳᠡᠭ ᠱᠤᠭᠤᠮ ᠤᠨ ᠰᠠᠨᠠᠭᠤᠯᠤᠮᠵᠢ ᠶᠣᠰᠣᠭᠠᠷ ᠠᠶᠠᠯᠠᠬᠤ ᠶᠢᠨ ᠬᠠᠮᠲᠤ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ | ᠠᠵᠢᠯᠲᠠᠨ ᠤ ᠵᠢᠯᠣᠭᠤᠳᠣᠯᠭ᠎ᠠ ᠶᠢ ᠳᠠᠭᠠᠵᠤ᠂ ᠲᠡᠷᠭᠡ ᠵᠢᠯᠣᠭᠤᠳᠬᠤ ᠳᠠᠭᠠᠨ ᠠᠮᠤᠷ ᠲᠦᠪᠰᠢᠨ ᠢ ᠠᠩᠬᠠᠷᠬᠤ ᠶᠢ | ᠬᠦᠰᠡᠵᠦ ᠪᠠᠶᠢᠨ᠎ᠠ᠃ | | ᠰᠥᠨᠢᠳ ᠪᠠᠷᠠᠭᠤᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | 2024 ᠣᠨ ᠤ 6 ᠰᠠᠷ᠎ᠠ ᠶᠢᠨ 14 ᠤ ᠡᠳᠦᠷ | |