ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠭᠦᠨᠵᠡᠭᠡᠶ ᠰᠠᠶᠢᠲᠤᠷ ᠬᠢᠵᠦ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠵᠤ᠂ ᠬᠥᠳᠡᠭᠡ ᠲᠣᠰᠬᠤᠨ ᠤ | ᠪᠣᠬᠢᠷ ᠦᠮᠡᠬᠡᠶ ᠤᠰᠤᠨ ᠴᠣᠭᠴᠠ ᠶᠢ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠠᠮᠢ | ᠠᠬᠤᠶ ᠶᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠦᠯᠦᠭᠡ᠂ ︽ᠪᠥᠬᠦ ᠣᠷᠣᠨ ᠤ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ︿ᠶᠡᠬᠡᠪᠡᠷ ᠪᠠᠶᠢᠴᠠᠭᠠᠬᠤ᠂ ᠶᠡᠬᠡᠪᠡᠷ ᠴᠡᠪᠡᠷᠯᠡᠬᠦ᠂ | ᠶᠡᠬᠡᠪᠡᠷ ᠴᠡᠭᠴᠡᠯᠡᠨ ᠵᠠᠰᠠᠬᠤ﹀ ᠲᠤᠰᠬᠠᠶ ᠠᠵᠢᠯᠯᠠᠭ᠎ᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠮᠡᠳᠡᠭᠳᠡᠯ︾ ᠵᠢᠴᠢ ᠠᠮᠢ ᠠᠬᠤᠶ ᠣᠷᠴᠢᠨ | ᠲᠣᠭᠤᠷᠢᠨ ᠤ ᠶᠠᠮᠤᠨ ᠤ ᠠᠯᠪᠠᠨ ᠲᠢᠩᠬᠢᠮ ᠤᠨ ᠳᠠᠷᠤᠮᠯᠠᠨ ᠲᠠᠷᠬᠠᠭᠠᠭᠰᠠᠨ ︽ᠬᠥᠳᠡᠭᠡ ᠲᠣᠰᠬᠤᠨ ᠤ ᠪᠣᠬᠢᠷ ᠦᠮᠡᠬᠡᠶ | ᠤᠰᠤᠨ ᠴᠣᠭᠴᠠ ᠶᠢ ᠵᠠᠰᠠᠬᠤ ᠠᠵᠢᠯ ᠤᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ | ᠶᠣᠰᠣᠭᠠᠷ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠮᠠᠨ ᠤ ᠬᠤᠰᠢᠭᠤᠨ ᠤ | ᠰᠤᠮᠤ ᠪᠠᠯᠭᠠᠰᠤ ᠵᠠᠰᠠᠭ ᠵᠠᠬᠢᠷᠭᠠᠨ ᠤ ᠲᠣᠰᠬᠤᠨ ᠵᠢᠴᠢ ᠮᠠᠯᠴᠢᠨ ᠲᠠᠷᠢᠶᠠᠴᠢᠨ ᠭᠤᠤᠯ ᠲᠥᠪᠯᠡᠷᠡᠭᠰᠡᠨ ᠣᠷᠣᠨ ᠤ | ᠡᠷᠬᠢᠨ ᠲᠣᠭᠤᠷᠢᠨ ᠢᠶᠠᠷ ᠭᠤᠤᠯᠳᠠᠯᠭ᠎ᠠ ᠪᠣᠯᠭᠠᠵᠤ᠂ ᠬᠤᠶᠠᠳᠤᠭᠠᠷ ᠤᠯᠠᠷᠢᠯ ᠤᠨ ᠬᠥᠳᠡᠭᠡ ᠲᠣᠰᠬᠤᠨ ᠤ ᠪᠣᠬᠢᠷ | ᠦᠮᠡᠬᠡᠶ ᠤᠰᠤᠨ ᠴᠣᠭᠴᠠ ᠶᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠪᠠᠶᠢᠴᠠᠭᠠᠭᠰᠠᠨ ᠢᠶᠠᠷ᠂ ᠮᠠᠨ ᠤ | ᠬᠤᠰᠢᠭᠤ ᠣᠲᠣ ᠪᠣᠯᠲᠠᠯ᠎ᠠ ᠮᠠᠯᠵᠢᠬᠤ ᠲᠠᠷᠢᠶᠠᠯᠠᠬᠤ ᠣᠷᠣᠨ ᠳᠤ ᠪᠣᠬᠢᠷ ᠦᠮᠡᠬᠡᠶ ᠤᠰᠤᠨ ᠴᠣᠭᠴᠠ ᠢᠯᠡᠷᠡᠭᠰᠡᠨ | ᠥᠬᠡᠶ᠃ | ᠡᠳᠦᠭᠡ ᠵᠠᠷᠯᠠᠨ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ᠂ ᠢᠯᠡ | ᠨᠡᠶᠢᠲᠡᠯᠡᠬᠦ ᠴᠠᠭ ᠨᠢ᠄ 2024 ᠣᠨ ᠤ 6 ᠰᠠᠷ᠎ᠠ ᠶᠢᠨ 17 ᠤ ᠡᠳᠦᠷ ᠠᠴᠠ 6 ᠰᠠᠷ᠎ᠠ ᠶᠢᠨ 21 ᠤ ᠡᠳᠦᠷ | ᠪᠣᠯᠲᠠᠯ᠎ᠠ᠂ ᠥᠷᠭᠡᠨ ᠣᠯᠠᠨ ᠠᠷᠠᠳ ᠲᠦᠮᠡᠨ ᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠨ᠎ᠠ᠃ ᠬᠡᠷᠪᠡ ᠣᠯᠠᠨ | ᠨᠡᠶᠢᠲᠡ ᠪᠠᠷ ᠢᠶᠠᠨ ᠬᠠᠷᠢᠭᠤ ᠲᠤᠰᠬᠠᠭᠰᠠᠨ ᠠᠰᠠᠭᠤᠳᠠᠯ ᠤᠨ ᠲᠤᠬᠠᠶ ᠰᠠᠨᠠᠯ ᠲᠠᠢ ᠪᠠᠶᠢᠪᠠᠯ᠂ ᠬᠢᠨᠠᠯᠲᠠ ᠲᠠᠯᠪᠢᠵᠤ | ᠢᠯᠡᠴᠢᠯᠡᠨ ᠮᠡᠳᠡᠭᠦᠯᠬᠦ ᠤᠲᠠᠰᠤ ︵0479 - 7213829︶ ᠪᠠᠷ ᠳᠠᠮᠵᠢᠭᠤᠯᠤᠨ ᠬᠠᠷᠢᠭᠤ ᠲᠤᠰᠬᠠᠵᠤ ᠪᠣᠯᠤᠨ᠎ᠠ | ᠃ | | ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 6 ᠰᠠᠷ᠎ᠠ ᠶᠢᠨ 17 ᠤ ᠡᠳᠦᠷ |