ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠥᠨᠢᠳ ᠪᠠᠷᠠᠭᠤᠨ ᠬᠤᠰᠢᠭᠤᠨ ᠤ 2024 ᠣᠨ ᠤ ᠬᠤᠶᠠᠳᠤᠭᠠᠷ ᠤᠯᠠᠷᠢᠯ ᠤᠨ ᠮᠠᠯᠵᠢᠬᠤ ᠲᠠᠷᠢᠶᠠᠯᠠᠬᠤ ᠣᠷᠣᠨ ᠤ ᠪᠣᠬᠢᠷ ᠦᠮᠡᠬᠡᠶ ᠤᠰᠤᠨ ᠴᠣᠭᠴᠠ ᠶᠢ ᠵᠢᠭᠰᠠᠭᠠᠨ ᠪᠠᠶᠢᠴᠠᠭᠠᠭᠰᠠᠨ ᠪᠠᠶᠢᠳᠠᠯ ᠤᠨ ᠲᠤᠬᠠᠶ  ᠵᠠᠷᠯᠠᠯ
ᠨᠡᠶᠢᠲᠡᠯᠡᠭᠰᠡᠨ ᠴᠠᠭ᠄
2024/6/17
     ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠵᠤ᠂ ᠬᠥᠳᠡᠭᠡ ᠲᠣᠰᠬᠤᠨ ᠤ ᠪᠣᠬᠢᠷ ᠦᠮᠡᠬᠡᠶ ᠤᠰᠤᠨ ᠴᠣᠭᠴᠠ ᠶᠢ ᠵᠢᠭᠰᠠᠭᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠠᠮᠢ ᠠᠬᠤᠶ ᠶᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ︽ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ︿ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠪᠡᠷᠯᠡᠬᠦ᠂ ᠶᠡᠬᠡᠪᠡᠷ ᠴᠡᠭᠴᠡᠯᠡᠨ ᠵᠠᠰᠠᠬᠤ﹀ ᠲᠤᠰᠬᠠᠶ ᠠᠵᠢᠯᠯᠠᠭ᠎ᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠮᠡᠳᠡᠭᠳᠡᠯ︾ ᠵᠢᠴᠢ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠠᠯᠪᠠᠨ ᠲᠢᠩᠬᠢᠮ ︽ᠬᠥᠳᠡᠭᠡ ᠲᠣᠰᠬᠤᠨ ᠤ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ ᠠᠵᠢᠯ ᠤᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠬᠤ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠮᠠᠨ ᠤ ᠬᠤᠰᠢᠭᠤᠨ ᠤ ᠰᠤᠮᠤ ᠪᠠᠯᠭᠠᠰᠤ ᠵᠠᠰᠠᠭ ᠵᠠᠬᠢᠷᠭᠠᠨ ᠤ ᠲᠣᠰᠬᠤᠨ ᠵᠢᠴᠢ ᠮᠠᠯᠴᠢᠨ ᠲᠠᠷᠢᠶᠠᠴᠢᠨ ᠭᠤᠤᠯ ᠲᠥᠪᠯᠡᠷᠡᠭᠰᠡᠨ ᠣᠷᠣᠨ ᠤ ᠡᠷᠬᠢᠨ ᠲᠣᠭᠤᠷᠢᠨ ᠳᠤ ᠭᠤᠤᠯᠳᠠᠯᠭ᠎ᠠ ᠪᠣᠯᠭᠠᠵᠤ᠂ ᠬᠤᠶᠠᠳᠤᠭᠠᠷ ᠤᠯᠠᠷᠢᠯ ᠤᠨ ᠬᠥᠳᠡᠭᠡ ᠲᠣᠰᠬᠤᠨ ᠤ ᠪᠣᠬᠢᠷ ᠦᠮᠡᠬᠡᠶ ᠤᠰᠤᠨ ᠴᠣᠭᠴᠠ ᠶᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠪᠠᠶᠢᠴᠠᠭᠠᠭᠰᠠᠨ ᠢᠶᠠᠷ᠂ ᠮᠠᠨ ᠤ ᠬᠤᠰᠢᠭᠤ ᠣᠲᠣ ᠪᠣᠯᠲᠠᠯ᠎ᠠ ᠮᠠᠯᠵᠢᠬᠤ ᠲᠠᠷᠢᠶᠠᠯᠠᠬᠤ ᠣᠷᠣᠨ ᠳᠤ ᠪᠣᠬᠢᠷ ᠦᠮᠡᠬᠡᠶ ᠤᠰᠤᠨ ᠴᠣᠭᠴᠠ ᠢᠯᠡᠷᠡᠭᠰᠡᠨ ᠥᠬᠡᠶ᠃      ᠡᠳᠦᠭᠡ ᠵᠠᠷᠯᠠᠨ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ᠂ ᠢᠯᠡ ᠨᠡᠶᠢᠲᠡᠯᠡᠬᠦ ᠴᠠᠭ ᠨᠢ᠄ 2024 ᠣᠨ ᠤ 6 ᠰᠠᠷ᠎ᠠ ᠶᠢᠨ 17 ᠤ ᠡᠳᠦᠷ ᠠᠴᠠ 6 ᠰᠠᠷ᠎ᠠ ᠶᠢᠨ 21 ᠤ ᠡᠳᠦᠷ ᠪᠣᠯᠲᠠᠯ᠎ᠠ᠂ ᠥᠷᠭᠡᠨ ᠣᠯᠠᠨ ᠠᠷᠠᠳ ᠲᠦᠮᠡᠨ ᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠨ᠎ᠠ᠃ ᠬᠡᠷᠪᠡ ᠣᠯᠠᠨ ᠨᠡᠶᠢᠲᠡ  ᠪᠠᠷ  ᠢᠶᠠᠨ  ᠬᠠᠷᠢᠭᠤ  ᠲᠤᠰᠬᠠᠭᠰᠠᠨ  ᠠᠰᠠᠭᠤᠳᠠᠯ  ᠤᠨ  ᠲᠤᠬᠠᠶ  ᠰᠠᠨᠠᠯ ᠲᠠᠢ ᠪᠠᠶᠢᠪᠠᠯ᠂ ᠬᠢᠨᠠᠯᠲᠠ  ᠲᠠᠯᠪᠢᠵᠤ  ᠢᠯᠡᠴᠢᠯᠡᠨ ᠮᠡᠳᠡᠭᠦᠯᠬᠦ ᠤᠲᠠᠰᠤ ︵0479 - 7213829︶ ᠪᠠᠷ ᠳᠠᠮᠵᠢᠭᠤᠯᠤᠨ ᠬᠠᠷᠢᠭᠤ ᠲᠤᠰᠬᠠᠵᠤ ᠪᠣᠯᠤᠨ᠎ᠠ᠃                           ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                  2024 ᠣᠨ ᠤ 6 ᠰᠠᠷ᠎ᠠ ᠶᠢᠨ 17 ᠤ ᠡᠳᠦᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号