ᠮᠠᠨ ᠤ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ 3 ᠳ᠋ᠤᠭᠠᠷ ᠤᠳᠠᠭᠠᠨ ᠤ ᠵᠤᠷᠰᠢᠯ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠠᠶᠤᠯᠭᠦᠢ ᠦᠢᠯᠡᠳᠪᠦᠷᠢᠯᠡᠯ᠂ ᠬᠠᠪᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠲᠤᠶᠢᠮᠡᠷ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/18
     ᠤᠶᠢᠷ᠎ᠠ ᠶᠢᠨ ᠡᠳᠦᠷ᠂ ᠮᠠᠨ ᠤ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ 3 ᠳ᠋ᠤᠭᠠᠷ ᠤᠳᠠᠭᠠᠨ ᠤ ᠵᠤᠷᠰᠢᠯ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠠᠶᠤᠯᠭᠦᠢ ᠦᠢᠯᠡᠳᠪᠦᠷᠢᠯᠡᠯ᠂ ᠬᠠᠪᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠲᠤᠶᠢᠮᠡᠷ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃      ᠬᠤᠷᠠᠯ ᠳᠤ᠂ ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠤᠨ ᠲᠤᠬᠠᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠳᠣᠬᠠᠨ ᠤ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠸᠠᠩ ᠵᠠᠨ ᠴᠢ ᠶᠠᠷᠢᠶ᠎ᠠ ᠲᠠᠯᠪᠢᠪᠠ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠵᠠᠷᠴᠢᠮ ᠶᠣᠰᠣᠭᠠᠷ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠠᠪᠴᠤ᠂ ᠠᠶᠤᠯᠭᠦᠢ ᠦᠢᠯᠡᠳᠪᠦᠷᠢᠯᠡᠯ ᠤᠨ ︽ᠬᠤᠷᠢᠭ᠎ᠠ ᠱᠤᠭᠤᠮ︾ ᠪᠠ ︽ᠤᠯᠠᠭᠠᠨ ᠱᠤᠭᠤᠮ︾ ᠢ ᠡᠷᠡᠰ ᠰᠠᠬᠢᠵᠤ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠠᠯᠳᠠᠭ᠎ᠠ ᠪᠤᠷᠤᠭᠤ ᠭᠠᠷᠭᠠᠬᠤ ᠦᠭᠡᠢ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳ ᠪᠠᠳᠠᠷᠠᠭᠤᠯᠵᠤ᠂ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠶᠢᠮᠡᠷ ᠤᠨᠲᠠᠷᠠᠭᠠᠬᠤ᠂ ᠰᠢᠲᠠᠮᠠᠬᠠᠢ ᠬᠡᠢ᠂ ᠬᠢᠮᠢ ᠶᠢᠨ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠪᠠ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠶᠢᠨ ᠬᠦᠷᠢᠶ᠎ᠡ᠂ ᠬᠤᠳᠠᠯᠳᠤᠭᠠᠨ ᠤ ᠲᠠᠯᠠᠪᠤᠷ᠂ ᠠᠰᠠᠷᠠᠮᠵᠢ ᠶᠢᠨ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠨ᠂ ᠡᠯ᠎ᠡ ᠲᠥᠷᠥᠯ ᠤᠨ ᠬᠦᠨᠳᠦ ᠶᠡᠭᠡ ᠣᠨᠴᠠ ᠶᠡᠭᠡ ᠠᠳᠠᠯ ᠢᠶᠠᠷ ᠲᠣᠯᠢ ᠪᠣᠯᠭᠠᠵᠤ᠂ ᠶᠡᠬᠡᠪᠡᠷ ᠪᠠᠶᠢᠴᠠᠭᠠᠨ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠨ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃      ᠬᠤᠷᠠᠯ ᠠᠴᠠ᠂ ᠣᠳᠣᠬᠠᠨ ᠳᠤ ᠪᠣᠯ ᠬᠠᠪᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠲᠤᠶᠢᠮᠡᠷ ᠰᠡᠷᠭᠡᠶᠢᠯᠡᠨ ᠤᠨᠲᠠᠷᠠᠭᠠᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠰᠤᠨᠤᠷ ᠰᠡᠷᠡᠮᠵᠢ ᠴᠢᠩᠭ᠎ᠠ ᠪᠠᠶᠢᠵᠦ᠂ ᠪᠡᠯᠡᠳᠬᠡᠯ ᠠᠵᠢᠯ ᠢᠶᠠᠨ ᠰᠠᠶᠢᠳᠤᠷ ᠬᠢᠬᠦ ᠬᠡᠷᠡᠭᠲᠡᠢ᠃ ᠢᠯᠠᠩᠭᠤᠶ᠎ᠠ ᠬᠠᠩᠰᠢ ᠶᠢᠨ ᠬᠤᠭᠤᠴᠠᠭᠠᠨ ᠳᠤ᠂ ᠬᠤᠰᠢᠭᠤ ᠲᠤᠶᠢᠮᠡᠷ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠵᠢᠵᠢᠭᠦᠷ ᠤᠨ ᠲᠦᠷᠢᠮ ᠢᠶᠠᠨ ᠴᠢᠩᠭᠠᠳᠬᠠᠵᠤ᠂ ᠲᠦᠷᠭᠡᠨ ᠲᠤᠰᠬᠠᠵᠤ᠂ ᠴᠠᠭ ᠲᠤᠬᠠᠢ ᠳᠤᠨᠢ ᠪᠠᠴᠢᠮ ᠪᠠᠶᠢᠳᠠᠯ ᠢ ᠠᠷᠭᠠᠴᠠᠨ ᠰᠢᠯᠵᠢᠭᠦᠯᠦᠨ ᠶᠠᠪᠤᠭᠤᠯᠬᠤ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠣᠨᠴᠠᠭᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠬᠢᠬᠦ ᠶᠢ ᠴᠢᠩᠭᠠᠳᠬᠠᠵᠤ ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠠᠳᠬᠤᠵᠤ᠂ ᠠᠳᠠᠯ ᠭᠠᠷᠬᠤ ᠶᠢ ᠴᠢᠩᠭ᠎ᠠ ᠰᠡᠷᠭᠡᠶᠢᠯᠡᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃      ᠬᠤᠰᠢᠭᠤ ᠤᠳᠤᠷᠢᠳᠤᠯᠭ᠎ᠠ ᠬᠠᠰᠪᠠᠭᠠᠲᠤᠷ᠂ ᠯᠢ ᠱᠤᠸᠠᠢ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠠᠰᠠ ᠪᠦᠬᠦ ᠬᠤᠰᠢᠭᠤᠨ ᠤ ᠬᠠᠶᠢᠯᠤᠭᠤᠷ ᠵᠣᠩᠰᠢ ᠶᠢᠨ ᠠᠭᠤᠷᠬᠠᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠭᠤᠳᠠᠯ ᠤᠨ ᠬᠤᠷᠠᠯ ᠬᠢᠭᠰᠡᠨ ᠪᠥᠭᠡᠳ ᠬᠠᠶᠢᠯᠤᠭᠤᠷ ᠵᠣᠩᠰᠢ ᠶᠢᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号