ᠪᠠᠶᠢᠭᠤᠯᠤᠮᠵᠢ ᠶᠢᠨ ᠡᠭᠦᠷᠭᠡ ᠴᠢᠳᠠᠪᠤᠷᠢ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠲᠠᠯ᠎ᠠ ᠪᠠᠷ ᠬᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠪᠣᠯᠤᠨ | ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠲᠥᠯᠥᠪᠵᠢᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠵᠣᠬᠢᠶᠠᠨ ᠪᠠᠶᠢᠭᠤᠯᠵᠤ᠂ ᠬᠤᠰᠢᠭᠤᠨ | ᠲᠠᠰ ᠤᠨ ᠲᠤᠰᠬᠠᠶ ᠲᠥᠯᠥᠪᠵᠢᠭᠦᠯᠭᠡ᠂ ᠣᠷᠣᠨ ᠵᠠᠶ ᠶᠢᠨ ᠲᠥᠯᠥᠪᠵᠢᠭᠦᠯᠭᠡ ᠶᠢ ᠪᠥᠬᠦ ᠬᠤᠰᠢᠭᠤᠨ ᠤ ᠶᠡᠷᠦᠩᠬᠡᠶ | ᠬᠥᠭᠵᠢᠯᠲᠡ ᠶᠢᠨ ᠲᠥᠯᠥᠪᠵᠢᠭᠦᠯᠭᠡ ᠲᠠᠢ ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ ᠬᠠᠷᠢᠭᠤᠴᠠᠨ᠎ᠠ᠃ | ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠡᠷᠦᠩᠬᠡᠶ ᠬᠠᠷᠠᠯᠲᠠ᠂ ᠴᠢᠬᠤᠯᠠ ᠶᠡᠭᠡ ᠡᠭᠦᠷᠭᠡ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ | ᠳᠤᠷᠠᠳᠪᠠ᠃ ᠴᠢᠬᠤᠯᠠ ᠶᠡᠭᠡ ᠲᠥᠯᠥᠪᠵᠢᠭᠦᠯᠭᠡ᠂ ᠴᠢᠬᠤᠯᠠ ᠶᠡᠭᠡ ᠲᠦᠷᠦ ᠶᠢᠨ ᠪᠤᠳᠤᠯᠭ᠎ᠠ ᠪᠠ ᠴᠢᠬᠤᠯᠠ ᠶᠡᠭᠡ | ᠢᠨᠵᠧᠨᠧᠷᠢᠩ ᠢ ᠦᠨᠡᠯᠡᠨ ᠵᠢᠱᠢᠵᠦ ᠬᠢᠨᠠᠨ ᠵᠢᠯᠣᠭᠤᠳᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠶᠠᠷ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ | ᠨᠢᠭᠡᠳᠦᠯᠲᠡᠶ ᠲᠥᠯᠥᠪᠯᠡᠨ ᠳᠤᠷᠠᠳᠴᠤ᠂ ᠬᠤᠷᠸ᠎ᠠ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ | ᠤᠷᠢᠳᠴᠢᠯᠠᠨ ᠵᠢᠱᠢᠵᠦ ᠰᠡᠷᠡᠮᠵᠢᠯᠡᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠳᠤᠷᠠᠳᠤᠨ᠎ᠠ᠃ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠤᠯᠤᠰ ᠠᠷᠠᠳ ᠤᠨ ᠠᠵᠤ ᠠᠬᠤᠶ | ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ ᠲᠥᠯᠥᠪᠵᠢᠭᠦᠯᠭᠡ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠦᠨᠡᠯᠡᠨ ᠵᠢᠱᠢᠯᠲᠡ ᠬᠢᠬᠦ ᠶᠢ ᠬᠠᠷᠢᠭᠤᠴᠠᠵᠤ᠂ ᠠᠶᠤᠯ ᠦᠭᠡᠶ | ᠦᠢᠯᠡᠳᠪᠦᠷᠢᠯᠡᠯ ᠤᠨ ᠰᠠᠭᠤᠷᠢ ᠪᠡᠯᠡᠳᠬᠡᠮᠵᠢ ᠪᠣᠯᠤᠨ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠳᠡᠮᠵᠢᠨ᠎ᠡ᠃ ᠬᠤᠷᠸ᠎ᠠ ᠠᠵᠤ ᠠᠬᠤᠶ ᠶᠢᠨ ᠥᠭᠡᠷᠡᠴᠢᠯᠡᠯᠲᠡ ᠶᠢ ᠶᠡᠷᠦᠩᠬᠡᠶᠢᠯᠡᠨ ᠵᠣᠬᠢᠴᠠᠭᠤᠯᠵᠤ᠂ | ᠬᠤᠷᠸ᠎ᠠ ᠠᠵᠤ ᠠᠬᠤᠶ ᠶᠢᠨ ᠠᠷᠭᠠᠴᠠᠬᠤ ᠠᠷᠭ᠎ᠠ ᠬᠡᠮᠵᠢᠶ᠎ᠡ ᠶᠢ ᠲᠦᠷᠦᠭᠦᠯᠡᠨ ᠰᠤᠳᠤᠯᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠶᠢᠨ ᠠᠵᠢᠯᠯᠠᠭᠠᠨ ᠢ ᠡᠶᠡᠳᠡᠭᠦᠯᠦᠨ᠂ ᠠᠵᠤ ᠠᠬᠤᠶ ᠶᠢᠨ | ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠬᠤᠯᠪᠣᠭᠳᠠᠯ ᠪᠦᠬᠦᠢ | ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠬᠡ ᠮᠡᠳᠡᠯ ᠤᠨ | ᠳᠣᠲᠣᠷᠠᠬᠢ ᠭᠤᠤᠯ ᠪᠣᠯᠬᠤ ᠲᠠᠸᠠᠷ᠂ ᠦᠢᠯᠡᠴᠢᠯᠡᠭᠡᠨ ᠤ ᠦᠨ᠎ᠡ ᠬᠠᠩᠰᠢ ᠪᠣᠯᠤᠨ ᠴᠢᠬᠤᠯᠠ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ | ︵ᠭᠤᠷᠪᠠ︶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ | ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠵᠤ᠂ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ | ᠰᠠᠨᠠᠭᠤᠯᠭ᠎ᠠ ᠳᠤᠷᠠᠳᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠲᠦᠷᠦᠭᠦᠯᠡᠨ ᠠᠬᠢᠭᠤᠯᠵᠤ᠂ ᠥᠮᠴᠢᠯᠡᠯ ᠤᠨ ᠡᠷᠬᠡ ᠶᠢᠨ ᠲᠦᠷᠢᠮ ᠪᠠ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ | ᠲᠣᠬᠢᠷᠠᠭᠤᠯᠬᠤ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠵᠤ᠂ ᠠᠵᠤ ᠠᠬᠤᠶ ᠶᠢᠨ ᠦᠨᠳᠦᠰᠦᠨ ᠲᠦᠷᠢᠮ ᠪᠠ | ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ | ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠠᠵᠠᠭᠠᠶ | ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ | ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠢ ᠠᠬᠢᠭᠤᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ︵ᠲᠦᠷᠪᠡ︶ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠶᠤᠯ ᠦᠭᠡᠶ ᠶᠢ ᠬᠠᠮᠢᠶᠠᠷᠬᠤ᠂ | ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯ ᠦᠭᠡᠶ ᠶᠢ ᠬᠠᠮᠢᠶᠠᠷᠬᠤ᠂ ᠦᠢᠯᠡᠳᠪᠦᠷᠢᠯᠡᠯ | ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯ ᠦᠭᠡᠶ ᠶᠢ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠠᠶᠤᠯ ᠦᠭᠡᠶ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ | ᠬᠡᠷᠡᠭᠲᠡᠶ᠃ | ︵ᠲᠠᠪᠤ︶ ᠪᠥᠬᠦ ᠨᠡᠶᠢᠭᠡᠮ ᠤᠨ ᠪᠠᠯᠠ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ | ᠬᠠᠷᠢᠭᠤᠴᠠᠵᠤ᠂ ᠪᠥᠬᠦ ᠬᠤᠰᠢᠭᠤᠨ ᠤ ᠪᠠᠯᠠ ᠣᠷᠣᠭᠤᠯᠤᠯᠲᠠ ᠶᠢ ᠠᠬᠢᠭᠤᠯᠵᠤ᠂ ᠪᠥᠬᠦ ᠬᠤᠰᠢᠭᠤᠨ ᠤ ᠨᠡᠶᠢᠭᠡᠮ ᠤᠨ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ᠂ ᠪᠦᠲᠦᠴᠡ ᠶᠢᠨ | ᠲᠣᠬᠢᠷᠠᠭᠤᠯᠤᠯᠲᠠ ᠶᠢᠨ ᠬᠠᠷᠠᠯᠲᠠ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠲᠥᠪ ᠪᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ | ᠢᠳᠡᠪᠬᠢᠯᠡᠨ ᠣᠯᠵᠤ᠂ ᠲᠣᠭᠲᠠᠭᠠᠭᠰᠠᠨ ᠡᠷᠬᠡ ᠮᠡᠳᠡᠯ ᠢᠶᠠᠷ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠪᠠ ᠬᠢᠨᠠᠨ | ᠬᠠᠷᠭᠤᠭᠤᠯᠵᠤ ᠳᠡᠭᠡᠭᠰᠢ ᠮᠡᠳᠡᠭᠦᠯᠬᠦ ᠬᠡᠷᠡᠭᠲᠡᠶ᠃ ᠴᠢᠬᠤᠯᠠ ᠶᠡᠭᠡ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠪᠣᠯᠤᠨ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ ᠲᠥᠯᠥᠪᠵᠢᠭᠦᠯᠵᠦ᠃ ᠠᠷᠠᠳ ᠤᠨ | ᠪᠡᠯᠡ ᠣᠷᠣᠭᠤᠯᠤᠯᠲᠠ ᠶᠢᠨ ᠥᠭᠡᠷᠡᠴᠢᠯᠡᠯᠲᠡ ᠶᠢ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠬᠤᠰᠢᠭᠤᠨ ᠤ ᠴᠢᠬᠤᠯᠠ ᠶᠡᠭᠡ ᠲᠥᠷᠥᠯ | ᠵᠦᠢᠯ ᠢ ᠠᠬᠢᠭᠤᠯᠬᠤ ᠪᠠ ᠲᠣᠬᠢᠷᠠᠭᠤᠯᠬᠤ ᠠᠵᠢᠯ ᠢ ᠬᠠᠷᠢᠭᠤᠴᠠᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠵᠢᠷᠭᠤᠭ᠎ᠠ︶ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨ᠎ᠠ ᠪᠡᠯᠡ ᠣᠷᠣᠭᠤᠯᠬᠤ | ᠲᠥᠯᠥᠪᠵᠢᠭᠦᠯᠭᠡ᠂ ᠶᠡᠷᠦᠩᠬᠡᠶ ᠬᠡᠮᠵᠢᠶ᠎ᠡ ᠶᠢᠨ ᠲᠡᠩᠴᠡᠭᠦᠷᠢ ᠵᠢᠴᠢ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ ᠪᠣᠯᠤᠨ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠭᠠᠳᠠᠭᠠᠳᠤ ᠪᠡᠯᠡ ᠶᠢ ᠠᠰᠢᠭᠯᠠᠭᠰᠠᠨ ᠪᠠᠶᠢᠳᠠᠯ ᠢ ᠮᠥᠷᠳᠡᠨ | ᠨᠠᠶᠢᠳᠠᠪᠤᠷᠢᠵᠢᠭᠤᠯᠤᠨ᠎ᠠ᠃ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠳᠤ | ᠣᠷᠣᠯᠴᠠᠵᠤ᠂ ︽ᠭᠠᠳᠠᠭᠰᠢ ᠭᠠᠷᠬᠤ︾ ᠬᠤᠯᠪᠣᠭᠳᠠᠯ ᠪᠥᠬᠦᠶ ᠠᠵᠢᠯ ᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠦᠴᠢᠷ ᠯᠦᠭᠡ ᠬᠠᠮᠵᠢᠯᠴᠠᠨ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠤᠭᠤᠯᠬᠤ ᠶᠢ ᠵᠥᠪᠰᠢᠶᠡᠷᠡᠬᠦ ᠠᠯᠳᠠᠭᠳᠠᠯᠲᠠᠢ ᠵᠦᠢᠯᠡᠰ ᠤᠨ ᠨᠠᠷᠢᠨ ᠬᠠᠭᠤᠳᠠᠰᠤ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨ᠎ᠠ ᠪᠡᠯᠡ | ᠣᠷᠤᠭᠤᠯᠬᠤ ᠲᠦᠷᠦᠯ ᠵᠦᠢᠯ ᠢ ᠡᠷᠬᠡ ᠮᠡᠳᠡᠯ ᠤᠨ ᠬᠡᠪᠴᠢᠶᠡᠨ ᠢᠶᠠᠷ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ | ᠬᠡᠷᠡᠭᠲᠡᠢ᠃ | ︵ᠳᠤᠯᠤᠭ᠎ᠠ︶ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠤᠨ ᠨᠠᠶᠢᠳᠠᠪᠤᠷᠢᠵᠢᠭᠤᠯᠵᠤ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠨᠳᠣᠤ ᠭᠠᠵᠠᠷ ᠲᠤ ᠨᠡᠭᠦᠯᠭᠡᠨ | ᠶᠠᠳᠠᠭᠤ ᠶᠢ ᠲᠡᠳᠬᠦᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠪᠦᠰᠡ ᠶᠢᠨ | ᠬᠠᠮᠲᠤᠷᠠᠯᠴᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠬᠥᠭᠵᠢᠭᠰᠡᠨ ᠭᠠᠵᠠᠷ ᠣᠷᠣᠨ ᠤ ᠠᠵᠤ | ᠦᠢᠯᠡᠰ ᠤᠨ ᠰᠢᠯᠵᠢᠯᠲᠡ ᠶᠢ ᠡᠮᠬᠢ ᠳᠠᠷᠠᠭ᠎ᠠ ᠲᠠᠢ ᠬᠦᠯᠢᠶᠡᠨ ᠠᠪᠴᠤ᠃ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠬᠦ ᠶᠢ ᠲᠦᠯᠬᠢᠨ | ᠠᠬᠢᠭᠤᠯᠤᠨ᠎ᠠ᠃ | ︵ᠨᠠᠢᠮᠠ︶ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠥᠬᠦᠶ ᠬᠥᠭᠵᠢᠯᠲᠡ ᠶᠢᠨ ᠲᠥᠯᠥᠪᠵᠢᠭᠦᠯᠭᠡ | ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠵᠣᠯᠭᠠᠭᠤᠯᠤᠨ᠎ᠠ᠃ ᠴᠢᠬᠤᠯᠠ ᠶᠡᠭᠡ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠦᠢᠯᠡᠴᠢᠯᠡᠭᠡᠨ ᠤ ᠦᠢᠯᠡᠰ | ᠵᠢᠴᠢ ᠣᠳᠣᠬᠢᠴᠢᠯᠠᠭᠰᠠᠨ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ | ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠬᠡᠷᠡᠭᠯᠡᠭᠡᠨ ᠤ | ᠬᠤᠪᠢᠷᠠᠯᠲᠠ ᠶᠢᠨ ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ | ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠲᠦᠯᠬᠢᠨ | ᠠᠬᠢᠭᠤᠯᠤᠨ᠎ᠠ᠃ | ︵ᠶᠢᠰᠦ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ | ᠬᠡᠷᠡᠭᠵᠢᠭᠦᠯᠦᠯᠲᠡ ᠶᠢ ᠠᠬᠢᠭᠤᠯᠵᠤ᠂ ᠰᠢᠨ᠎ᠡ ᠶᠢ ᠡᠭᠦᠳᠬᠦ ᠬᠥᠭᠵᠢᠯᠲᠡ ᠪᠠ ᠠᠵᠤ ᠠᠬᠤᠢ ᠶᠢᠨ ᠬᠥᠭᠵᠢᠯᠲᠡ ᠶᠢᠨ | ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠠᠮᠢᠶ᠎ᠠ | ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠲᠥᠷᠥᠯ ᠵᠦᠢᠯ ᠤᠨ ᠰᠢᠪᠲᠤᠯᠤᠯᠲᠠ ᠶᠢ ᠭᠦᠨᠵᠡᠭᠡᠶ ᠰᠤᠳᠤᠯᠵᠤ᠂ ᠪᠥᠬᠦ ᠬᠤᠰᠢᠭᠤᠨ ᠤ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠰ ᠢ ᠨᠡᠭᠡᠭᠡᠨ ᠬᠥᠭᠵᠢᠭᠦᠯᠬᠦ᠂ ᠴᠢᠬᠤᠯᠠ ᠶᠡᠭᠡ ᠮᠡᠷᠭᠡᠵᠢᠯ | ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠃ | ︵ᠠᠷᠪᠠ︶ ᠠᠵᠤ ᠠᠬᠤᠶ ᠶᠢᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠡᠬᠢ | ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ | ᠲᠦᠪᠰᠢᠨ ᠵᠡᠷᠭᠡ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠮᠥᠷᠳᠡᠨ ᠰᠤᠳᠤᠯᠤᠨ | ᠮᠠᠭᠠᠳᠯᠠᠬᠤ ᠶᠢ ᠬᠠᠷᠢᠭᠤᠴᠠᠵᠤ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ ᠳᠤᠷᠠᠳᠤᠨ᠎ᠠ᠃ ᠴᠢᠬᠤᠯᠠ ᠲᠠᠸᠠᠷ ᠤᠨ | ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠬᠤᠷᠸ᠎ᠠ ᠲᠣᠬᠢᠷᠠᠭᠤᠯᠭ᠎ᠠ ᠡᠵᠡᠮᠳᠡᠯ ᠢ ᠬᠠᠷᠢᠭᠤᠴᠠᠵᠤ᠂ | ᠴᠢᠬᠤᠯᠠ ᠦᠢᠯᠡᠳᠬᠦᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠲᠣᠬᠢᠷᠠᠭᠤᠯᠤᠨ ᠡᠵᠡᠮᠳᠡᠬᠦ | ᠰᠠᠨᠠᠭᠤᠯᠭ᠎ᠠ ᠳᠤᠷᠠᠳᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠭᠠᠮᠰᠢᠭ ᠠᠴᠠ | ᠠᠪᠤᠷᠠᠬᠤ ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠪᠠ ᠪᠠᠷᠢᠮᠵᠢᠶ᠎ᠠ᠂ ᠣᠨ ᠤ | ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠬᠤᠰᠢᠭᠤᠨ ᠤ ᠭᠠᠮᠰᠢᠭ ᠠᠴᠠ ᠠᠪᠤᠷᠠᠬᠤ ᠡᠳ᠋ ᠪᠣᠳᠠᠰ ᠢ | ᠬᠤᠷᠢᠶᠠᠨ ᠬᠠᠳᠠᠭᠠᠯᠠᠬᠤ᠂ ᠡᠭᠡᠯᠵᠢᠯᠡᠭᠦᠯᠬᠦ ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠨᠢᠭᠡ︶ ᠨᠡᠶᠢᠭᠡᠮ ᠤᠨ ᠬᠥᠭᠵᠢᠯᠲᠡ᠂ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ | ᠲᠦᠷᠦ ᠶᠢᠨ ᠪᠤᠳᠤᠯᠭ᠎ᠠ ᠶᠢᠨ ᠵᠣᠯᠭᠠᠯᠴᠠᠭ᠎ᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠵᠤ᠂ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠶᠡᠷᠦᠩᠬᠡᠢ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠪᠣᠯᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠵᠢᠯ ᠣᠯᠭᠤᠯᠲᠠ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠶᠢ | ᠲᠡᠭᠦᠯᠳᠡᠷᠵᠢᠭᠦᠯᠬᠦ ᠬᠢᠭᠡᠳ ᠠᠵᠤ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠳᠤᠷᠠᠳᠴᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ | ᠥᠷᠨᠢᠭᠦᠯᠦᠨ᠎ᠡ᠃ | ︵ᠠᠷᠪᠠᠨ ᠬᠤᠶᠠᠷ︶ ᠦᠷᠭᠦᠯᠵᠢᠯᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ | ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠠᠬᠢᠭᠤᠯᠤᠨ᠂ ᠠᠮᠢ ᠠᠬᠤᠶ ᠶᠢᠨ | ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠬᠦ᠂ ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ | ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ | ᠲᠣᠭᠲᠠᠴᠠ ᠶᠢ ᠪᠦᠷᠢᠨᠰᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠠᠬᠢᠭᠤᠯᠵᠤ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ | ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠡᠨᠧᠷᠭᠢ ᠶᠢᠨ ᠬᠡᠷᠡᠭᠯᠡᠭᠡ ᠶᠢ ᠬᠢᠵᠠᠭᠠᠷᠯᠠᠬᠤ | ᠬᠠᠷᠠᠯᠲᠠ ᠶᠢᠨ ᠡᠭᠦᠷᠭᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ | ᠬᠥᠭᠵᠢᠭᠦᠯᠬᠦ ᠪᠠᠶᠢᠯᠳᠤᠬᠤ ᠪᠣᠳᠣᠯᠭ᠎ᠠ ᠵᠢᠴᠢ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠬᠤᠯᠪᠣᠭᠳᠠᠯ ᠪᠦᠬᠦᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ | ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠠᠷᠪᠠᠨ ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠮᠤ ᠪᠤᠳᠠᠭᠠᠨ ᠤ | ᠭᠦᠢᠯᠭᠡᠭᠡ ᠪᠠ ᠨᠥᠭᠡᠴᠡᠯᠡᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠎ᠠ᠃ ᠤᠯᠤᠰ ᠤᠨ ᠥᠮᠴᠢᠯᠡᠯ ᠤᠨ | ᠠᠮᠤ ᠪᠤᠳᠠᠭᠠᠨ ᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠠᠮᠤ ᠪᠤᠳᠠᠭᠠᠨ ᠤ ᠠᠮᠤᠷ | ᠲᠦᠪᠰᠢᠨ ᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢ ᠨᠠᠶᠢᠳᠠᠪᠤᠷᠢᠵᠢᠭᠤᠯᠵᠤ᠂ ᠲᠥᠷᠥ ᠶᠢᠨ | ᠪᠣᠳᠣᠯᠭ᠎ᠠ ᠶᠢᠨ ᠴᠢᠨᠠᠷᠲᠠᠶ ᠠᠮᠤ ᠪᠤᠳᠠᠭ᠎ᠠ ᠪᠣᠯᠤᠨ ᠴᠡᠷᠢᠭ ᠤᠨ ᠠᠮᠤ ᠪᠤᠳᠠᠭ᠎ᠠ ᠬᠠᠩᠭᠠᠬᠤ ᠠᠵᠢᠯ ᠳᠤ ᠬᠢᠨᠠᠯᠲᠠ | ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠪᠦᠬᠦ ᠠᠶᠢᠮᠠᠭ ᠤᠨ ᠠᠮᠤ ᠪᠤᠳᠠᠭᠠᠨ ᠤ ᠭᠦᠢᠯᠭᠡᠭᠡᠨ ᠤ ᠵᠠᠬ᠎ᠠ | ᠳᠡᠯᠭᠡᠭᠦᠷ ᠤᠨ ᠪᠠᠶᠢᠭᠤᠯᠤᠯ ᠤᠨ ᠪᠠᠶᠢᠭᠤᠯᠤᠯᠲᠠ ᠶᠢ ᠬᠠᠷᠢᠭᠤᠴᠠᠵᠤ᠂ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠠᠮᠤ ᠪᠤᠳᠠᠭᠠᠨ ᠤ ᠭᠦᠢᠯᠭᠡᠭᠡ᠂ | ᠡᠵᠡᠩᠨᠡᠯᠲᠡ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠪᠥᠬᠦ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠶᠡᠷᠦᠩᠬᠡᠶ | ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠬᠠᠮᠢᠶ᠎ᠠ ᠪᠥᠬᠦᠶ | ᠬᠠᠮᠢᠶᠠᠷᠤᠯᠲᠠ ᠶᠢᠨ ᠲᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ | ᠠᠮᠤ ᠪᠤᠳᠠᠭᠠᠨ ᠤ ᠭᠦᠢᠯᠭᠡᠭᠡᠨ ᠢ ᠡᠷᠬᠡ ᠮᠡᠳᠡᠯ ᠤᠨ ᠶᠣᠰᠣᠭᠠᠷ ᠭᠤᠶᠤᠴᠢᠯᠠᠬᠤ᠂ ᠬᠢᠨᠠᠵᠤ ᠳᠡᠭᠡᠭᠰᠢ ᠮᠡᠳᠡᠭᠦᠯᠬᠦ ᠪᠠ | ᠳᠡᠭᠡᠭᠰᠢ ᠮᠡᠳᠡᠭᠦᠯᠬᠦ ᠠᠮᠤ ᠪᠤᠳᠠᠭ᠎ᠠ ᠪᠠ ᠡᠳ᠋ ᠪᠣᠳᠠᠰ ᠬᠤᠳᠠᠯᠳᠤᠨ ᠠᠪᠬᠤ᠂ ᠪᠣᠷᠣᠯᠠᠭᠤᠯᠬᠤ ᠵᠢᠴᠢ ᠡᠭᠡᠯᠵᠢᠯᠡᠭᠦᠯᠬᠦ | ᠲᠥᠯᠥᠪᠯᠡᠭᠡ ᠶᠢ ᠳᠤᠷᠠᠳᠴᠤ᠂ ᠬᠥᠳᠡᠯᠭᠡᠨ ᠬᠡᠷᠡᠭᠯᠡᠬᠦ ᠲᠥᠯᠥᠪᠯᠡᠭᠡ ᠶᠢ ᠨᠠᠶᠢᠳᠠᠪᠤᠷᠢᠵᠢᠭᠤᠯᠬᠤ ᠶᠢᠨ ᠬᠠᠮᠲᠤ | ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠶᠢᠨ ᠠᠶᠤᠯ | ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠡᠨᠧᠷᠭᠢ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ᠂ | ᠰᠢᠦᠳᠠᠨ ᠵᠡᠷᠭᠡ ᠬᠥᠭᠵᠢᠯᠲᠡ ᠶᠢᠨ ᠲᠥᠯᠥᠪᠵᠢᠭᠦᠯᠭᠡ ᠶᠢ ᠶᠡᠷᠦᠩᠬᠡᠶ ᠲᠥᠯᠥᠪᠵᠢᠭᠦᠯᠭᠡ ᠯᠦᠭᠡ ᠵᠣᠯᠭᠠᠭᠤᠯᠤᠨ | ᠲᠡᠩᠴᠡᠭᠦᠯᠬᠦ ᠶᠢ ᠨᠢᠭᠡᠳᠦᠯᠲᠡᠶ ᠲᠥᠯᠥᠪᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠲᠥᠯᠥᠪᠵᠢᠭᠦᠯᠭᠡ᠂ ᠴᠢᠬᠤᠯᠠ ᠶᠡᠭᠡ | ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠴᠢᠬᠤᠯᠠ ᠶᠡᠭᠡ ᠥᠭᠡᠷᠡᠴᠢᠯᠡᠯᠲᠡ ᠶᠢᠨ ᠲᠥᠰᠦᠯ ᠢ ᠲᠣᠭᠲᠠᠭᠠᠬᠤ ᠪᠠ | ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠦᠨ᠎ᠡ᠃ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢᠨ ᠰᠠᠨᠠᠭᠤᠯᠭ᠎ᠠ ᠳᠤᠷᠠᠳᠬᠤ ᠶᠢᠨ ᠬᠠᠮᠲᠤ | ᠵᠣᠬᠢᠴᠠᠭᠤᠯᠤᠨ ᠬᠡᠷᠡᠭᠵᠢᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠡᠮᠦᠷ ᠵᠠᠮ᠂ ᠵᠠᠰᠠᠮᠠᠯ | ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠤᠳᠠᠨ ᠤ ᠨᠡᠶᠢᠳᠡᠮ ᠦᠢᠯᠡᠴᠢᠯᠡᠭᠡ ᠵᠡᠷᠭᠡ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠦᠨ᠎ᠡ᠃ | ︵ᠠᠷᠪᠠᠨ ᠳᠣᠯᠤᠭ᠎ᠠ︶ ᠪᠥᠬᠦ ᠬᠤᠰᠢᠭᠤᠨ ᠤ ᠡᠨᠧᠷᠭᠢ ᠶᠢ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ | ᠪᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠡᠨᠧᠷᠭᠢ ᠶᠢᠨ ᠬᠥᠭᠵᠢᠯᠲᠡ ᠶᠢᠨ | ᠲᠥᠯᠥᠪᠵᠢᠭᠦᠯᠭᠡ ᠪᠠ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠪᠥᠬᠦ ᠬᠤᠰᠢᠭᠤᠨ ᠤ ᠰᠢᠨ᠎ᠡ ᠡᠨᠧᠷᠭᠢ ᠪᠠ ᠳᠠᠬᠢᠨ ᠡᠭᠦᠰᠴᠦ ᠪᠣᠯᠬᠤ ᠡᠨᠧᠷᠭᠢ ᠵᠢᠴᠢ ᠨᠡᠭᠦᠷᠡᠰᠦ | ᠲᠦᠯᠡᠬᠦ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢ ᠡᠭᠦᠷᠭᠡᠯᠡᠵᠦ᠂ ᠠᠵᠤ ᠦᠢᠯᠡᠰ ᠤᠨ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ | ᠵᠥᠪᠰᠢᠶᠡᠷᠡᠵᠦ᠂ ᠳᠠᠩᠰᠠᠯᠠᠭᠤᠯᠵᠤ᠂ ᠬᠢᠨᠠᠨ ᠬᠠᠷᠭᠤᠭᠤᠯᠵᠤ ᠰᠢᠯᠵᠢᠭᠦᠯᠦᠨ ᠮᠡᠳᠡᠭᠦᠯᠬᠦ ᠪᠥᠬᠦ ᠬᠤᠰᠢᠭᠤᠨ ᠤ | ᠡᠨᠧᠷᠭᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ ᠮᠡᠳᠡᠭᠦᠯᠦᠨ᠎ᠡ᠃ ᠪᠥᠬᠦ | ᠬᠤᠰᠢᠭᠤᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ | ᠬᠤᠭᠤᠯᠠᠶ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ᠂ ᠲᠤᠰᠬᠠᠶ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ᠂ ᠠᠶᠤᠯᠭᠦᠶ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠬᠢᠨᠠᠯᠲᠠ ᠲᠠᠯᠪᠢᠨ ᠨᠠᠶᠢᠳᠠᠪᠤᠷᠢᠵᠢᠭᠤᠯᠵᠤ᠂ ᠴᠢᠯᠠᠭᠤᠨ ᠲᠣᠰᠣ ᠪᠠᠶᠢᠭᠠᠯᠢ ᠶᠢᠨ | ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠦᠢᠯᠡᠳᠪᠦᠷᠢᠯᠡᠯ ᠤᠨ ᠠᠶᠤᠯᠭᠦᠶ ᠶᠢᠨ | ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ᠂ ᠪᠠᠶᠢᠴᠠᠭᠠᠨ | ᠰᠢᠢᠳᠪᠦᠷᠢᠯᠡᠬᠦ ᠵᠡᠷᠭᠡ ᠠᠵᠢᠯ ᠢ ᠬᠠᠮᠵᠢᠯᠴᠠᠨ ᠵᠣᠬᠢᠴᠠᠭᠤᠯᠤᠨ᠎ᠠ᠃ | ︵ᠠᠷᠪᠠᠨ ᠨᠠᠶᠮᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ︵ᠠᠷᠪᠠ ᠶᠢᠰᠦ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠃ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠡᠷᠬᠡ ᠮᠡᠳᠡᠯ ᠤᠨ | ᠬᠡᠪᠴᠢᠶᠡᠨ ᠳᠠᠬᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠷᠥᠯ ᠵᠦᠢᠯ | ᠲᠣᠭᠲᠠᠭᠠᠵᠤ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠬᠤᠰᠢᠭᠤᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠨᠢ ᠪᠠᠷᠢᠯᠭ᠎ᠠ ᠶᠢᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢᠨ ᠠᠵᠢᠯ ᠲᠥᠷᠥᠯ ᠤᠨ ᠬᠢᠨᠠᠨ | ᠪᠠᠶᠢᠴᠠᠭᠠᠯᠲᠠ ᠶᠢᠨ ᠰᠠᠨᠠᠯ ᠳᠤᠷᠠᠳᠬᠤ ᠶᠢ ᠬᠠᠷᠢᠭᠤᠴᠠᠵᠤ᠂ ᠲᠣᠭᠲᠠᠭᠠᠭᠰᠠᠨ ᠬᠠᠮᠢᠶᠠᠷᠤᠯᠲᠠ ᠶᠢᠨ ᠡᠷᠬᠡ | ᠮᠡᠳᠡᠯ ᠢᠶᠠᠷ ᠢᠶᠠᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ | 2. ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠃ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠥᠮᠦᠨ ᠠᠮᠠ ᠶᠢᠨ | ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠶᠢ | ᠬᠠᠷᠢᠭᠤᠴᠠᠵᠤ᠂ ᠬᠥᠮᠦᠨ ᠠᠮᠠ ᠶᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠲᠦᠷᠢᠮ ᠢ ᠪᠠᠶᠢᠭᠤᠯᠤᠨ | ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠥᠮᠦᠨ ᠠᠮᠠ ᠶᠢᠨ ᠨᠥᠯᠥᠭᠡ ᠶᠢ ᠦᠨᠡᠯᠡᠨ ᠵᠢᠱᠢᠬᠦ ᠶᠢ | ᠥᠷᠨᠢᠭᠦᠯᠵᠦ᠂ ᠴᠢᠬᠤᠯᠠ ᠶᠡᠭᠡ ᠬᠥᠮᠦᠨ ᠠᠮᠠ ᠶᠢᠨ ᠯᠠᠪᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠪᠥᠬᠦ | ᠬᠤᠰᠢᠭᠤᠨ ᠤ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠤᠳᠤᠯᠤᠨ ᠳᠤᠷᠠᠳᠴᠤ᠂ ᠬᠥᠮᠦᠨ | ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠥᠮᠦᠨ ᠠᠮᠠ ᠬᠢᠭᠡᠳ ᠠᠵᠤ | ᠠᠬᠤᠶ᠂ ᠨᠡᠶᠢᠭᠡᠮ᠂ ᠡᠬᠢ ᠪᠠᠶᠠᠯᠢᠭ᠂ ᠣᠷᠴᠢᠨ ᠲᠣᠭᠤᠷᠢᠨ ᠤ ᠵᠣᠬᠢᠴᠠᠩᠭᠤᠶ ᠦᠷᠭᠦᠯᠵᠢᠯᠡᠬᠦ ᠬᠥᠭᠵᠢᠯᠲᠡ ᠵᠢᠴᠢ | ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ | ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠬᠤᠰᠢᠭᠤᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠥᠮᠦᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ | ᠥᠷᠨᠢᠭᠦᠯᠬᠦ ᠶᠢ ᠬᠠᠷᠢᠭᠤᠴᠠᠵᠤ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠦᠷᠡᠵᠢᠯ ᠤᠨ ᠬᠠᠮᠢᠶ᠎ᠠ ᠪᠥᠬᠦᠶ ᠬᠥᠮᠦᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠲᠠᠷᠬᠠᠯᠲᠠ ᠶᠢᠨ | ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ | ᠪᠣᠳᠣᠯᠭ᠎ᠠ ᠪᠠ ᠬᠠᠮᠢᠶ᠎ᠠ ᠪᠥᠬᠦᠶ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠢᠵᠢ ᠪᠥᠷᠢᠳᠦᠭᠦᠯᠦᠨ | ᠵᠣᠯᠭᠠᠭᠤᠯᠬᠤ ᠶᠢ ᠠᠬᠢᠭᠤᠯᠵᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠳᠤ ᠣᠷᠣᠯᠴᠠᠵᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ | ᠬᠤᠯᠪᠣᠭᠳᠠᠯ ᠪᠥᠬᠦᠶ ᠡᠭᠦᠷᠭᠡ ᠶᠢ ᠨᠠᠶᠢᠳᠠᠪᠤᠷᠢᠵᠢᠭᠤᠯᠤᠨ᠎ᠠ᠃ | 3. ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ | ᠬᠤᠰᠢᠭᠤᠨ ᠤ ᠭᠠᠮᠰᠢᠭ ᠠᠴᠠ ᠠᠪᠤᠷᠠᠬᠤ ᠡᠳ᠋ ᠪᠣᠳᠠᠰ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠢᠯ ᠤᠨ | ᠭᠠᠷᠴᠠᠭ ᠪᠠ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠭᠠᠮᠰᠢᠭ ᠠᠴᠠ | ᠠᠪᠤᠷᠠᠬᠤ ᠡᠳ᠋ ᠪᠣᠳᠠᠰ ᠢ ᠬᠤᠷᠢᠶᠠᠨ ᠬᠠᠳᠠᠭᠠᠯᠠᠬᠤ᠂ ᠡᠭᠡᠯᠵᠢᠯᠡᠭᠦᠯᠬᠦ ᠪᠠ ᠡᠳᠦᠷ ᠲᠤᠲᠤᠮ ᠤᠨ ᠬᠠᠮᠢᠶᠠᠷᠤᠯᠲᠠ ᠶᠢ | ᠬᠠᠷᠢᠭᠤᠴᠠᠵᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠥᠳᠡᠯᠭᠡᠨ | ᠬᠡᠷᠡᠭᠯᠡᠬᠦ ᠵᠠᠷᠯᠢᠭ ᠢ ᠦᠨᠳᠦᠰᠦᠯᠡᠨ ᠳᠡᠰ ᠳᠠᠷᠠᠭᠠᠯᠠᠯ ᠶᠣᠰᠣᠭᠠᠷ ᠵᠣᠬᠢᠶᠠᠨ ᠪᠠᠶᠢᠭᠤᠯᠵᠤ ᠰᠢᠯᠵᠢᠭᠦᠯᠦᠨ ᠭᠠᠷᠭᠠᠨ᠎ᠠ᠃ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠤᠰᠢᠭᠤᠨ ᠳᠣᠲᠣᠷᠠᠬᠢ | ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠪᠠ ᠬᠡᠷᠡᠭᠯᠡᠬᠦ | ᠰᠢᠢᠳᠪᠦᠷᠢᠲᠦ ᠪᠣᠳᠣᠯᠭ᠎ᠠ ᠶᠢ ᠳᠤᠷᠠᠳᠤᠨ ᠭᠠᠷᠭᠠᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠭᠠᠮᠰᠢᠭ ᠠᠴᠠ | ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠪᠠ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ | ᠨᠥᠭᠡᠴᠡᠯᠡᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠣᠨ ᠤ ᠬᠤᠳᠠᠯᠳᠤᠨ ᠠᠪᠬᠤ ᠲᠥᠯᠥᠪᠯᠡᠭᠡ ᠶᠢ | ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠬᠥᠳᠡᠯᠭᠡᠨ ᠬᠡᠷᠡᠭᠯᠡᠬᠦ ᠵᠠᠷᠯᠢᠭ ᠪᠠᠭᠤᠯᠭᠠᠨ᠎ᠠ᠃ | 4. ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠰᠢᠭᠤᠨ ᠤ | ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠲᠠᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠃ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠪᠤᠰᠤᠳ ᠴᠢᠬᠤᠯᠠ ᠬᠡᠷᠡᠭᠯᠡᠭᠡᠨ ᠤ | ᠵᠦᠢᠯ ᠤᠨ ᠨᠥᠭᠡᠴᠡᠯᠡᠯᠲᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ ᠮᠢᠬᠠᠨ ᠤ ᠵᠦᠢᠯ ᠤᠨ ᠨᠥᠭᠡᠴᠡ ᠬᠠᠮᠢᠶᠠᠷᠤᠯᠲᠠ ᠶᠢ ᠬᠠᠷᠢᠭᠤᠴᠠᠨ᠎ᠠ᠃ | ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠢ ᠬᠢᠯᠢ ᠬᠢᠵᠠᠭᠠᠷ ᠣᠷᠣᠨ ᠤ | ᠴᠠᠶ ᠶᠢᠨ ᠨᠥᠭᠡᠴᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ | ᠳᠣᠲᠣᠭᠠᠳᠤ ᠪᠠᠶᠢᠭᠤᠯᠤᠮᠵᠢ᠄ ᠰᠥᠨᠢᠳ ᠪᠠᠷᠠᠭᠤᠨ ᠬᠤᠰᠢᠭᠤᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠳᠣᠲᠣᠭᠠᠳᠤ ᠪᠠᠶᠢᠭᠤᠯᠤᠮᠵᠢ ᠶᠢᠨ ᠬᠠᠷᠢᠶ᠎ᠠ ᠨᠢᠭᠤᠴᠠ ᠲᠠᠰ ᠤᠨ ᠤᠯᠤᠰ ᠤᠨ | ᠨᠢᠭᠤᠴᠠ ᠶᠢ ᠦᠨᠳᠦᠰᠦᠯᠡᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ︵2019 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ | 711 ᠳ᠋ᠦ᠋ᠭᠡᠷ ᠲᠣᠭᠠᠲᠤ ᠵᠠᠷᠯᠢᠭ︶ ᠤᠨ ᠲᠣᠭᠲᠠᠭᠠᠯ ᠢ ᠦᠨᠳᠦᠰᠦᠯᠡᠨ ᠢᠯᠡ ᠪᠣᠯᠭᠠᠬᠤ ᠥᠬᠡᠶ᠃ | ᠬᠠᠶ᠋ᠢᠭ᠄ ᠰᠥᠨᠢᠳ ᠪᠠᠷᠠᠭᠤᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠴᠡᠷᠢᠭ ᠠᠴᠠ | ᠬᠠᠯᠠᠭᠳᠠᠭᠰᠠᠳ ᠤᠨ ᠶᠡᠷᠦᠩᠬᠡᠶᠢᠯᠡᠭᠰᠡᠨ ᠠᠰᠠᠷ ᠤᠨ 2 ᠳ᠋ᠤᠭᠠᠷ ᠠᠰᠠᠷ ᠤᠨ ᠬᠠᠷᠢᠯᠴᠠᠬᠤ ᠤᠲᠠᠰᠤ᠄ 0479 - | 7222357 | ᠠᠵᠢᠯᠯᠠᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯ ᠤᠨ ᠡᠳᠦᠷ ᠤᠨ ᠦᠳᠡ ᠶᠢᠨ ᠡᠮᠦᠨ᠎ᠡ᠄ 8᠄ 30 - | 12᠄ 00 ᠦᠳᠡ ᠶᠢᠨ ᠬᠤᠶᠢᠨᠠᠬᠢ 2᠄ 30 - 5᠄ 30 ᠬᠠᠷᠢᠭᠤᠴᠠᠯᠭᠠᠲᠠᠨ᠄ ᠭᠦᠸᠧ ᠮᠥ | | |