︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠬᠠᠤᠯᠢ︾ ᠶᠢᠨ ᠳᠠᠯᠠᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠡᠳᠦᠬᠡ 2024 ᠣᠨ ᠤ | ᠬᠤᠶᠠᠳᠤᠭᠠᠷ ᠤᠯᠠᠷᠢᠯ ᠳᠤ ᠰᠥᠨᠢᠳ ᠪᠠᠷᠠᠭᠤᠨ ᠬᠤᠰᠢᠭᠤᠨ ᠤ ᠰᠠᠶᠢᠬᠠᠨᠲᠠᠯ᠎ᠠ ᠪᠠᠯᠭᠠᠰᠤᠨ ᠤ ᠠᠮᠢᠳᠤᠷᠠᠯ ᠤᠨ | ᠤᠤᠭᠤᠬᠤ ᠤᠰᠤᠨ ᠤ ᠴᠢᠨᠠᠷ ᠢ ᠬᠢᠨᠠᠨ ᠬᠡᠮᠵᠢᠭᠰᠡᠨ ᠦᠷ᠎ᠡ ᠳ᠋ᠦᠩ ᠢ ᠢᠯᠡ ᠨᠡᠶᠢᠲᠡᠯᠡᠶ᠎ᠡ᠃ | ᠰᠢᠯᠭᠠᠨ ᠪᠠᠶᠢᠴᠠᠭᠠᠭᠰᠠᠨ ᠨᠢᠭᠡᠴᠡ᠄ ᠰᠥᠨᠢᠳ ᠪᠠᠷᠠᠭᠤᠨ ᠬᠤᠰᠢᠭᠤᠨ ᠤ ᠤᠰᠤ ᠬᠠᠩᠭᠠᠨ | ᠭᠠᠳᠠᠭᠰᠢᠯᠠᠭᠤᠯᠬᠤ ᠺᠣᠮᠫᠠᠨᠢ᠃ | ᠰᠢᠯᠭᠠᠨ ᠪᠠᠶᠢᠴᠠᠭᠠᠭᠰᠠᠨ ᠴᠠᠭ᠄ 2024 ᠣᠨ ᠤ 4 ᠰᠠᠷ᠎ᠠ ᠠᠴᠠ 5 ᠰᠠᠷ᠎ᠠ ᠪᠣᠯᠲᠠᠯ᠎ᠠ᠃ | ᠤᠰᠤᠨ ᠤ ᠴᠢᠨᠠᠷ ᠤᠨ ᠥᠯᠢᠭᠡᠷ ᠡᠳ᠋ ᠤᠨ ᠢᠷᠡᠯᠲᠡ᠄ ᠦᠢᠯᠡᠳᠪᠦᠷᠢ ᠠᠴᠠ ᠭᠠᠷᠬᠤ ᠤᠰᠤ᠃ | ᠤᠰᠤᠨ ᠤ ᠴᠢᠨᠠᠷ ᠢ ᠬᠢᠨᠠᠨ ᠬᠡᠮᠵᠢᠭᠰᠡᠨ ᠮᠡᠳᠡᠭᠦᠯᠦᠯᠲᠡ ᠬᠢᠵᠦ ᠦᠭᠭᠦᠭᠰᠡᠨ ᠨᠢᠭᠡᠴᠡ᠄ ᠰᠢᠯᠢᠨᠬᠤᠲᠠ ᠶᠢᠨ | ᠵᠢᠩ ᠶᠤᠸᠠᠨ ᠤᠰᠤ ᠬᠠᠩᠭᠠᠵᠤ ᠤᠰᠤ ᠵᠠᠯᠠᠬᠤ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠬᠢᠵᠠᠭᠠᠷᠲᠤ ᠺᠣᠮᠫᠠᠨᠢ᠃ | ᠤᠰᠤᠨ ᠤ ᠴᠢᠨᠠᠷ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠠᠴᠠ ᠦᠵᠡᠪᠡᠯ᠂ ᠠᠮᠢᠳᠤᠷᠠᠯ ᠤᠨ ᠤᠤᠭᠤᠬᠤ | ᠤᠰᠤ᠂ ᠮᠢᠺᠷᠣᠪ ᠤᠨ ᠭᠦᠢᠴᠡᠳᠬᠡᠬᠦ ᠲᠤᠭ᠎ᠠ᠂ ᠬᠤᠤᠷ᠎ᠠ ᠶᠢᠨ ᠭᠦᠢᠴᠡᠳᠬᠡᠬᠦ ᠲᠤᠭ᠎ᠠ᠂ ᠰᠠᠴᠤᠷᠠᠭ ᠤᠨ ᠴᠢᠨᠠᠷ ᠤᠨ | ᠭᠦᠢᠴᠡᠳᠬᠡᠬᠦ ᠲᠤᠭ᠎ᠠ᠂ ᠰᠡᠷᠡᠯ ᠤᠨ ᠡᠷᠬᠡᠲᠡᠨ ᠠᠴᠠ ᠪᠣᠯᠤᠭᠰᠠᠨ ᠪᠠ ᠡᠩ ᠤᠨ ᠴᠢᠨᠠᠷᠲᠠᠶ ᠬᠢᠮᠢ ᠶᠢᠨ ᠭᠦᠢᠴᠡᠳᠬᠡᠬᠦ | ᠲᠤᠭ᠎ᠠ ᠵᠡᠷᠭᠡ 43 ᠵᠦᠢᠯ ᠤᠨ ᠭᠦᠢᠴᠡᠳᠬᠡᠬᠦ ᠲᠤᠭ᠎ᠠ ᠳᠤ ᠪᠠᠶᠢᠴᠠᠭᠠᠨ ᠬᠡᠮᠵᠢᠯᠲᠡ ᠬᠢᠨ᠎ᠡ᠃ | ᠪᠠᠶᠢᠴᠠᠭᠠᠨ ᠰᠢᠯᠭᠠᠬᠤ ᠦᠨᠳᠦᠰᠦᠯᠡᠯ ᠤᠨ ᠪᠠᠷᠢᠮᠵᠢᠶ᠎ᠠ᠄ GB5749-2022 | |