ᠰᠦᠨᠢᠳ ᠪᠠᠷᠠᠭᠤᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ
ᠨᠡᠶᠢᠲᠡᠯᠡᠭᠰᠡᠨ ᠴᠠᠭ᠄
2024/6/20
ᠪᠠᠶᠢᠭᠤᠯᠤᠮᠵᠢ ᠶᠢᠨ ᠡᠭᠦᠷᠭᠡ ᠴᠢᠳᠠᠪᠤᠷᠢ      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠠᠯ᠎ᠠ ᠪᠠᠷ ᠬᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠥᠯᠥᠪᠵᠢᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠵᠣᠬᠢᠶᠠᠨ ᠪᠠᠶᠢᠭᠤᠯᠵᠤ᠂ ᠬᠤᠰᠢᠭᠤᠨ ᠲᠠᠰ ᠤᠨ ᠲᠤᠰᠬᠠᠶ ᠲᠥᠯᠥᠪᠵᠢᠭᠦᠯᠭᠡ᠂ ᠣᠷᠣᠨ ᠵᠠᠶ ᠶᠢᠨ ᠲᠥᠯᠥᠪᠵᠢᠭᠦᠯᠭᠡ ᠶᠢ ᠪᠥᠬᠦ ᠬᠤᠰᠢᠭᠤᠨ ᠤ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠲᠠᠢ ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ ᠬᠠᠷᠢᠭᠤᠴᠠᠨ᠎ᠠ᠃ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶ ᠬᠠᠷᠠᠯᠲᠠ᠂ ᠴᠢᠬᠤᠯᠠ ᠶᠡᠭᠡ ᠡᠭᠦᠷᠭᠡ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠳᠤᠷᠠᠳᠪᠠ᠃ ᠴᠢᠬᠤᠯᠠ ᠶᠡᠭᠡ ᠲᠥᠯᠥᠪᠵᠢᠭᠦᠯᠭᠡ᠂ ᠴᠢᠬᠤᠯᠠ ᠶᠡᠭᠡ ᠲᠦᠷᠦ ᠶᠢᠨ ᠪᠤᠳᠤᠯᠭ᠎ᠠ ᠪᠠ ᠴᠢᠬᠤᠯᠠ ᠶᠡᠭᠡ ᠢᠨᠵᠧᠨᠧᠷᠢᠩ ᠢ ᠦᠨᠡᠯᠡᠨ ᠵᠢᠱᠢᠵᠦ ᠬᠢᠨᠠᠨ ᠵᠢᠯᠣᠭᠤᠳᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠬᠤᠶᠠᠷ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠨᠢᠭᠡᠳᠦᠯᠲᠡᠶ ᠲᠥᠯᠥᠪᠯᠡᠨ ᠳᠤᠷᠠᠳᠴᠤ᠂ ᠬᠤᠷᠸ᠎ᠠ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ ᠤᠷᠢᠳᠴᠢᠯᠠᠨ ᠵᠢᠱᠢᠵᠦ ᠰᠡᠷᠡᠮᠵᠢᠯᠡᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠦᠨᠡᠯᠡᠨ ᠵᠢᠱᠢᠯᠲᠡ ᠬᠢᠬᠦ ᠶᠢ ᠬᠠᠷᠢᠭᠤᠴᠠᠵᠤ᠂ ᠠᠶᠤᠯ ᠦᠭᠡᠶ ᠦᠢᠯᠡᠳᠪᠦᠷᠢᠯᠡᠯ ᠤᠨ ᠰᠠᠭᠤᠷᠢ ᠪᠡᠯᠡᠳᠬᠡᠮᠵᠢ ᠪᠣᠯᠤᠨ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠳᠡᠮᠵᠢᠨ᠎ᠡ᠃ ᠬᠤᠷᠸ᠎ᠠ ᠠᠵᠤ ᠠᠬᠤᠶ ᠶᠢᠨ ᠥᠭᠡᠷᠡᠴᠢᠯᠡᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠬᠤᠷᠸ᠎ᠠ ᠠᠵᠤ ᠠᠬᠤᠶ ᠶᠢᠨ ᠠᠷᠭᠠᠴᠠᠬᠤ ᠠᠷᠭ᠎ᠠ ᠬᠡᠮᠵᠢᠶ᠎ᠡ ᠶᠢ ᠲᠦᠷᠦᠭᠦᠯᠡᠨ ᠰᠤᠳᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠶᠢᠨ ᠠᠵᠢᠯᠯᠠᠭᠠᠨ ᠢ ᠡᠶᠡᠳᠡᠭᠦᠯᠦᠨ᠂ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠬᠤᠯᠪᠣᠭᠳᠠᠯ ᠪᠦᠬᠦᠢ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠬᠡ ᠮᠡᠳᠡᠯ ᠤᠨ ᠳᠣᠲᠣᠷᠠᠬᠢ ᠭᠤᠤᠯ ᠪᠣᠯᠬᠤ ᠲᠠᠸᠠᠷ᠂ ᠦᠢᠯᠡᠴᠢᠯᠡᠭᠡᠨ ᠤ ᠦᠨ᠎ᠡ ᠬᠠᠩᠰᠢ ᠪᠣᠯᠤᠨ ᠴᠢᠬᠤᠯᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃      ︵ᠭᠤᠷᠪᠠ︶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠵᠤ᠂ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠷᠦᠭᠦᠯᠡᠨ ᠠᠬᠢᠭᠤᠯᠵᠤ᠂ ᠥᠮᠴᠢᠯᠡᠯ ᠤᠨ ᠡᠷᠬᠡ ᠶᠢᠨ ᠲᠦᠷᠢᠮ ᠪᠠ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠵᠤ᠂ ᠠᠵᠤ ᠠᠬᠤᠶ ᠶᠢᠨ ᠦᠨᠳᠦᠰᠦᠨ ᠲᠦᠷᠢᠮ ᠪᠠ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃      ︵ᠲᠦᠷᠪᠡ︶ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠶᠤᠯ ᠦᠭᠡᠶ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯ ᠦᠭᠡᠶ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯ ᠦᠭᠡᠶ ᠶᠢ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠃      ︵ᠲᠠᠪᠤ︶ ᠪᠥᠬᠦ ᠨᠡᠶᠢᠭᠡᠮ ᠤᠨ ᠪᠠᠯᠠ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠤ᠂ ᠪᠥᠬᠦ ᠬᠤᠰᠢᠭᠤᠨ ᠤ ᠪᠠᠯᠠ ᠣᠷᠣᠭᠤᠯᠤᠯᠲᠠ ᠶᠢ ᠠᠬᠢᠭᠤᠯᠵᠤ᠂ ᠪᠥᠬᠦ ᠬᠤᠰᠢᠭᠤᠨ ᠤ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ᠂ ᠪᠦᠲᠦᠴᠡ ᠶᠢᠨ ᠲᠣᠬᠢᠷᠠᠭᠤᠯᠤᠯᠲᠠ ᠶᠢᠨ ᠬᠠᠷᠠᠯᠲᠠ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠢᠳᠡᠪᠬᠢᠯᠡᠨ ᠣᠯᠵᠤ᠂ ᠲᠣᠭᠲᠠᠭᠠᠭᠰᠠᠨ ᠡᠷᠬᠡ ᠮᠡᠳᠡᠯ ᠢᠶᠠᠷ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠪᠠ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠬᠡᠷᠡᠭᠲᠡᠶ᠃ ᠴᠢᠬᠤᠯᠠ ᠶᠡᠭᠡ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ ᠲᠥᠯᠥᠪᠵᠢᠭᠦᠯᠵᠦ᠃ ᠠᠷᠠᠳ ᠤᠨ ᠪᠡᠯᠡ ᠣᠷᠣᠭᠤᠯᠤᠯᠲᠠ ᠶᠢᠨ ᠥᠭᠡᠷᠡᠴᠢᠯᠡᠯᠲᠡ ᠶᠢ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠪᠠ ᠲᠣᠬᠢᠷᠠᠭᠤᠯᠬᠤ ᠠᠵᠢᠯ ᠢ ᠬᠠᠷᠢᠭᠤᠴᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      ︵ᠵᠢᠷᠭᠤᠭ᠎ᠠ︶ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨ᠎ᠠ ᠪᠡᠯᠡ ᠣᠷᠣᠭᠤᠯᠬᠤ ᠲᠥᠯᠥᠪᠵᠢᠭᠦᠯᠭᠡ᠂ ᠶᠡᠷᠦᠩᠬᠡᠶ ᠬᠡᠮᠵᠢᠶ᠎ᠡ ᠶᠢᠨ ᠲᠡᠩᠴᠡᠭᠦᠷᠢ ᠵᠢᠴᠢ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ ᠪᠣᠯᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠭᠠᠳᠠᠭᠠᠳᠤ ᠪᠡᠯᠡ ᠶᠢ ᠠᠰᠢᠭᠯᠠᠭᠰᠠᠨ ᠪᠠᠶᠢᠳᠠᠯ ᠢ ᠮᠥᠷᠳᠡᠨ ᠨᠠᠶᠢᠳᠠᠪᠤᠷᠢᠵᠢᠭᠤᠯᠤᠨ᠎ᠠ᠃ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠳᠤ ᠣᠷᠣᠯᠴᠠᠵᠤ᠂ ︽ᠭᠠᠳᠠᠭᠰᠢ ᠭᠠᠷᠬᠤ︾ ᠬᠤᠯᠪᠣᠭᠳᠠᠯ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠦᠴᠢᠷ ᠯᠦᠭᠡ ᠬᠠᠮᠵᠢᠯᠴᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠬᠤ ᠶᠢ ᠵᠥᠪᠰᠢᠶᠡᠷᠡᠬᠦ ᠠᠯᠳᠠᠭᠳᠠᠯᠲᠠᠢ ᠵᠦᠢᠯᠡᠰ ᠤᠨ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨ᠎ᠠ ᠪᠡᠯᠡ ᠣᠷᠤᠭᠤᠯᠬᠤ ᠲᠦᠷᠦᠯ ᠵᠦᠢᠯ ᠢ ᠡᠷᠬᠡ ᠮᠡᠳᠡᠯ ᠤᠨ ᠬᠡᠪᠴᠢᠶᠡᠨ ᠢᠶᠠᠷ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠬᠡᠷᠡᠭᠲᠡᠢ᠃      ︵ᠳᠤᠯᠤᠭ᠎ᠠ︶ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠤᠨ ᠨᠠᠶᠢᠳᠠᠪᠤᠷᠢᠵᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠡᠮᠬᠢ ᠳᠠᠷᠠᠭ᠎ᠠ ᠲᠠᠢ ᠬᠦᠯᠢᠶᠡᠨ ᠠᠪᠴᠤ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃      ︵ᠨᠠᠢᠮᠠ︶ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠥᠬᠦᠶ ᠬᠥᠭᠵᠢᠯᠲᠡ ᠶᠢᠨ ᠲᠥᠯᠥᠪᠵᠢᠭᠦᠯᠭᠡ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠵᠣᠯᠭᠠᠭᠤᠯᠤᠨ᠎ᠠ᠃ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠦᠢᠯᠡᠴᠢᠯᠡᠭᠡᠨ ᠤ ᠦᠢᠯᠡᠰ ᠵᠢᠴᠢ ᠣᠳᠣᠬᠢᠴᠢᠯᠠᠭᠰᠠᠨ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠬᠡᠷᠡᠭᠯᠡᠭᠡᠨ ᠤ ᠬᠤᠪᠢᠷᠠᠯᠲᠠ ᠶᠢᠨ ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃      ︵ᠶᠢᠰᠦ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠰᠢᠨ᠎ᠡ ᠶᠢ ᠡᠭᠦᠳᠬᠦ ᠬᠥᠭᠵᠢᠯᠲᠡ ᠪᠠ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠰᠢᠪᠲᠤᠯᠤᠯᠲᠠ ᠶᠢ ᠭᠦᠨᠵᠡᠭᠡᠶ ᠰᠤᠳᠤᠯᠵᠤ᠂ ᠪᠥᠬᠦ ᠬᠤᠰᠢᠭᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠰ ᠢ ᠨᠡᠭᠡᠭᠡᠨ ᠬᠥᠭᠵᠢᠭᠦᠯᠬᠦ᠂ ᠴᠢᠬᠤᠯᠠ ᠶᠡᠭᠡ ᠮᠡᠷᠭᠡᠵᠢᠯ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠃      ︵ᠠᠷᠪᠠ︶ ᠠᠵᠤ ᠠᠬᠤᠶ ᠶᠢᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠮᠥᠷᠳᠡᠨ ᠰᠤᠳᠤᠯᠤᠨ ᠮᠠᠭᠠᠳᠯᠠᠬᠤ ᠶᠢ ᠬᠠᠷᠢᠭᠤᠴᠠᠵᠤ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ ᠳᠤᠷᠠᠳᠤᠨ᠎ᠠ᠃ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠬᠤᠷᠸ᠎ᠠ ᠲᠣᠬᠢᠷᠠᠭᠤᠯᠭ᠎ᠠ ᠡᠵᠡᠮᠳᠡᠯ ᠢ ᠬᠠᠷᠢᠭᠤᠴᠠᠵᠤ᠂ ᠴᠢᠬᠤᠯᠠ ᠦᠢᠯᠡᠳᠬᠦᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠲᠣᠬᠢᠷᠠᠭᠤᠯᠤᠨ ᠡᠵᠡᠮᠳᠡᠬᠦ ᠰᠠᠨᠠᠭᠤᠯᠭ᠎ᠠ ᠳᠤᠷᠠᠳᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠪᠠ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠬᠤᠰᠢᠭᠤᠨ ᠤ ᠭᠠᠮᠰᠢᠭ ᠠᠴᠠ ᠠᠪᠤᠷᠠᠬᠤ ᠡᠳ᠋ ᠪᠣᠳᠠᠰ ᠢ ᠬᠤᠷᠢᠶᠠᠨ ᠬᠠᠳᠠᠭᠠᠯᠠᠬᠤ᠂ ᠡᠭᠡᠯᠵᠢᠯᠡᠭᠦᠯᠬᠦ ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠᠨ ᠨᠢᠭᠡ︶ ᠨᠡᠶᠢᠭᠡᠮ ᠤᠨ ᠬᠥᠭᠵᠢᠯᠲᠡ᠂ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢᠨ ᠵᠣᠯᠭᠠᠯᠴᠠᠭ᠎ᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠶᠡᠷᠦᠩᠬᠡᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠣᠯᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠵᠢᠯ ᠣᠯᠭᠤᠯᠲᠠ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠬᠢᠭᠡᠳ ᠠᠵᠤ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠥᠷᠨᠢᠭᠦᠯᠦᠨ᠎ᠡ᠃      ︵ᠠᠷᠪᠠᠨ ᠬᠤᠶᠠᠷ︶ ᠦᠷᠭᠦᠯᠵᠢᠯᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠠᠬᠢᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠬᠦ᠂ ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠪᠦᠷᠢᠨᠰᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠠᠬᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠡᠨᠧᠷᠭᠢ ᠶᠢᠨ ᠬᠡᠷᠡᠭᠯᠡᠭᠡ ᠶᠢ ᠬᠢᠵᠠᠭᠠᠷᠯᠠᠬᠤ ᠬᠠᠷᠠᠯᠲᠠ ᠶᠢᠨ ᠡᠭᠦᠷᠭᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠᠨ ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠵᠢᠴᠢ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵ᠠᠷᠪᠠᠨ ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠮᠤ ᠪᠤᠳᠠᠭᠠᠨ ᠤ ᠭᠦᠢᠯᠭᠡᠭᠡ ᠪᠠ ᠨᠥᠭᠡᠴᠡᠯᠡᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠎ᠠ᠃ ᠤᠯᠤᠰ ᠤᠨ ᠥᠮᠴᠢᠯᠡᠯ ᠤᠨ ᠠᠮᠤ ᠪᠤᠳᠠᠭᠠᠨ ᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭ᠎ᠠ ᠪᠣᠯᠤᠨ ᠴᠡᠷᠢᠭ ᠤᠨ ᠠᠮᠤ ᠪᠤᠳᠠᠭ᠎ᠠ ᠬᠠᠩᠭᠠᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠪᠦᠬᠦ ᠠᠶᠢᠮᠠᠭ ᠤᠨ ᠠᠮᠤ ᠪᠤᠳᠠᠭᠠᠨ ᠤ ᠭᠦᠢᠯᠭᠡᠭᠡᠨ ᠤ ᠵᠠᠬ᠎ᠠ ᠳᠡᠯᠭᠡᠭᠦᠷ ᠤᠨ ᠪᠠᠶᠢᠭᠤᠯᠤᠯ ᠤᠨ ᠪᠠᠶᠢᠭᠤᠯᠤᠯᠲᠠ ᠶᠢ ᠬᠠᠷᠢᠭᠤᠴᠠᠵᠤ᠂ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠠᠮᠤ ᠪᠤᠳᠠᠭᠠᠨ ᠤ ᠭᠦᠢᠯᠭᠡᠭᠡ᠂ ᠡᠵᠡᠩᠨᠡᠯᠲᠡ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠲᠠᠪᠤ︶ ᠪᠥᠬᠦ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠶᠡᠷᠦᠩᠬᠡᠶ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠮᠤ ᠪᠤᠳᠠᠭᠠᠨ ᠤ ᠭᠦᠢᠯᠭᠡᠭᠡᠨ ᠢ ᠡᠷᠬᠡ ᠮᠡᠳᠡᠯ ᠤᠨ ᠶᠣᠰᠣᠭᠠᠷ ᠭᠤᠶᠤᠴᠢᠯᠠᠬᠤ᠂ ᠬᠢᠨᠠᠵᠤ ᠳᠡᠭᠡᠭᠰᠢ ᠮᠡᠳᠡᠭᠦᠯᠬᠦ ᠪᠠ ᠳᠡᠭᠡᠭᠰᠢ ᠮᠡᠳᠡᠭᠦᠯᠬᠦ ᠠᠮᠤ ᠪᠤᠳᠠᠭ᠎ᠠ ᠪᠠ ᠡᠳ᠋ ᠪᠣᠳᠠᠰ ᠬᠤᠳᠠᠯᠳᠤᠨ ᠠᠪᠬᠤ᠂ ᠪᠣᠷᠣᠯᠠᠭᠤᠯᠬᠤ ᠵᠢᠴᠢ ᠡᠭᠡᠯᠵᠢᠯᠡᠭᠦᠯᠬᠦ ᠲᠥᠯᠥᠪᠯᠡᠭᠡ ᠶᠢ ᠳᠤᠷᠠᠳᠴᠤ᠂ ᠬᠥᠳᠡᠯᠭᠡᠨ ᠬᠡᠷᠡᠭᠯᠡᠬᠦ ᠲᠥᠯᠥᠪᠯᠡᠭᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠶᠢᠨ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠵᠢᠷᠭᠤᠭ᠎ᠠ︶ ᠡᠨᠧᠷᠭᠢ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ᠂ ᠰᠢᠦᠳᠠᠨ ᠵᠡᠷᠭᠡ ᠬᠥᠭᠵᠢᠯᠲᠡ ᠶᠢᠨ ᠲᠥᠯᠥᠪᠵᠢᠭᠦᠯᠭᠡ ᠶᠢ ᠶᠡᠷᠦᠩᠬᠡᠶ ᠲᠥᠯᠥᠪᠵᠢᠭᠦᠯᠭᠡ ᠯᠦᠭᠡ ᠵᠣᠯᠭᠠᠭᠤᠯᠤᠨ ᠲᠡᠩᠴᠡᠭᠦᠯᠬᠦ ᠶᠢ ᠨᠢᠭᠡᠳᠦᠯᠲᠡᠶ ᠲᠥᠯᠥᠪᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠲᠥᠯᠥᠪᠵᠢᠭᠦᠯᠭᠡ᠂ ᠴᠢᠬᠤᠯᠠ ᠶᠡᠭᠡ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠴᠢᠬᠤᠯᠠ ᠶᠡᠭᠡ ᠥᠭᠡᠷᠡᠴᠢᠯᠡᠯᠲᠡ ᠶᠢᠨ ᠲᠥᠰᠦᠯ ᠢ ᠲᠣᠭᠲᠠᠭᠠᠬᠤ ᠪᠠ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠦᠨ᠎ᠡ᠃ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢᠨ ᠰᠠᠨᠠᠭᠤᠯᠭ᠎ᠠ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠡᠮᠦᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠤᠳᠠᠨ ᠤ ᠨᠡᠶᠢᠳᠡᠮ ᠦᠢᠯᠡᠴᠢᠯᠡᠭᠡ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠦᠨ᠎ᠡ᠃      ︵ᠠᠷᠪᠠᠨ ᠳᠣᠯᠤᠭ᠎ᠠ︶ ᠪᠥᠬᠦ ᠬᠤᠰᠢᠭᠤᠨ ᠤ ᠡᠨᠧᠷᠭᠢ ᠶᠢ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠰᠢᠨ᠎ᠡ ᠡᠨᠧᠷᠭᠢ ᠪᠠ ᠳᠠᠬᠢᠨ ᠡᠭᠦᠰᠴᠦ ᠪᠣᠯᠬᠤ ᠡᠨᠧᠷᠭᠢ ᠵᠢᠴᠢ ᠨᠡᠭᠦᠷᠡᠰᠦ ᠲᠦᠯᠡᠬᠦ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢ ᠡᠭᠦᠷᠭᠡᠯᠡᠵᠦ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠵᠥᠪᠰᠢᠶᠡᠷᠡᠵᠦ᠂ ᠳᠠᠩᠰᠠᠯᠠᠭᠤᠯᠵᠤ᠂ ᠬᠢᠨᠠᠨ ᠬᠠᠷᠭᠤᠭᠤᠯᠵᠤ ᠰᠢᠯᠵᠢᠭᠦᠯᠦᠨ ᠮᠡᠳᠡᠭᠦᠯᠬᠦ ᠪᠥᠬᠦ ᠬᠤᠰᠢᠭᠤᠨ ᠤ ᠡᠨᠧᠷᠭᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ ᠮᠡᠳᠡᠭᠦᠯᠦᠨ᠎ᠡ᠃ ᠪᠥᠬᠦ ᠬᠤᠰᠢᠭᠤᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠰᠬᠠᠶ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠬᠢᠨᠠᠯᠲᠠ ᠲᠠᠯᠪᠢᠨ ᠨᠠᠶᠢᠳᠠᠪᠤᠷᠢᠵᠢᠭᠤᠯᠵᠤ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ᠂ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠬᠠᠮᠵᠢᠯᠴᠠᠨ ᠵᠣᠬᠢᠴᠠᠭᠤᠯᠤᠨ᠎ᠠ᠃      ︵ᠠᠷᠪᠠᠨ ᠨᠠᠶᠮᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠠᠷᠪᠠ ᠶᠢᠰᠦ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃      1. ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠡᠷᠬᠡ ᠮᠡᠳᠡᠯ ᠤᠨ ᠬᠡᠪᠴᠢᠶᠡᠨ ᠳᠠᠬᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠷᠥᠯ ᠵᠦᠢᠯ ᠲᠣᠭᠲᠠᠭᠠᠵᠤ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠬᠤᠰᠢᠭᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠪᠠᠷᠢᠯᠭ᠎ᠠ ᠶᠢᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢᠨ ᠠᠵᠢᠯ ᠲᠥᠷᠥᠯ ᠤᠨ ᠬᠢᠨᠠᠨ ᠪᠠᠶᠢᠴᠠᠭᠠᠯᠲᠠ ᠶᠢᠨ ᠰᠠᠨᠠᠯ ᠳᠤᠷᠠᠳᠬᠤ ᠶᠢ ᠬᠠᠷᠢᠭᠤᠴᠠᠵᠤ᠂ ᠲᠣᠭᠲᠠᠭᠠᠭᠰᠠᠨ ᠬᠠᠮᠢᠶᠠᠷᠤᠯᠲᠠ ᠶᠢᠨ ᠡᠷᠬᠡ ᠮᠡᠳᠡᠯ ᠢᠶᠠᠷ ᠢᠶᠠᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃      2. ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠶᠢ ᠬᠠᠷᠢᠭᠤᠴᠠᠵᠤ᠂ ᠬᠥᠮᠦᠨ ᠠᠮᠠ ᠶᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠲᠦᠷᠢᠮ ᠢ ᠪᠠᠶᠢᠭᠤᠯᠤᠨ ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠥᠮᠦᠨ ᠠᠮᠠ ᠶᠢᠨ ᠨᠥᠯᠥᠭᠡ ᠶᠢ ᠦᠨᠡᠯᠡᠨ ᠵᠢᠱᠢᠬᠦ ᠶᠢ ᠥᠷᠨᠢᠭᠦᠯᠵᠦ᠂ ᠴᠢᠬᠤᠯᠠ ᠶᠡᠭᠡ ᠬᠥᠮᠦᠨ ᠠᠮᠠ ᠶᠢᠨ ᠯᠠᠪᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠪᠥᠬᠦ ᠬᠤᠰᠢᠭᠤᠨ ᠤ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠤᠳᠤᠯᠤᠨ ᠳᠤᠷᠠᠳᠴᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠥᠮᠦᠨ ᠠᠮᠠ ᠬᠢᠭᠡᠳ ᠠᠵᠤ ᠠᠬᠤᠶ᠂ ᠨᠡᠶᠢᠭᠡᠮ᠂ ᠡᠬᠢ ᠪᠠᠶᠠᠯᠢᠭ᠂ ᠣᠷᠴᠢᠨ ᠲᠣᠭᠤᠷᠢᠨ ᠤ ᠵᠣᠬᠢᠴᠠᠩᠭᠤᠶ ᠦᠷᠭᠦᠯᠵᠢᠯᠡᠬᠦ ᠬᠥᠭᠵᠢᠯᠲᠡ ᠵᠢᠴᠢ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠥᠮᠦᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠥᠷᠨᠢᠭᠦᠯᠬᠦ ᠶᠢ ᠬᠠᠷᠢᠭᠤᠴᠠᠵᠤ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠷᠡᠵᠢᠯ ᠤᠨ ᠬᠠᠮᠢᠶ᠎ᠠ ᠪᠥᠬᠦᠶ ᠬᠥᠮᠦᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠲᠠᠷᠬᠠᠯᠲᠠ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠪᠠ ᠬᠠᠮᠢᠶ᠎ᠠ ᠪᠥᠬᠦᠶ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠢᠵᠢ ᠪᠥᠷᠢᠳᠦᠭᠦᠯᠦᠨ ᠵᠣᠯᠭᠠᠭᠤᠯᠬᠤ ᠶᠢ ᠠᠬᠢᠭᠤᠯᠵᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠣᠷᠣᠯᠴᠠᠵᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠤᠯᠪᠣᠭᠳᠠᠯ ᠪᠥᠬᠦᠶ ᠡᠭᠦᠷᠭᠡ ᠶᠢ ᠨᠠᠶᠢᠳᠠᠪᠤᠷᠢᠵᠢᠭᠤᠯᠤᠨ᠎ᠠ᠃      3. ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠬᠤᠰᠢᠭᠤᠨ ᠤ ᠭᠠᠮᠰᠢᠭ ᠠᠴᠠ ᠠᠪᠤᠷᠠᠬᠤ ᠡᠳ᠋ ᠪᠣᠳᠠᠰ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠪᠠ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠬᠤᠷᠢᠶᠠᠨ ᠬᠠᠳᠠᠭᠠᠯᠠᠬᠤ᠂ ᠡᠭᠡᠯᠵᠢᠯᠡᠭᠦᠯᠬᠦ ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠵᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠥᠳᠡᠯᠭᠡᠨ ᠬᠡᠷᠡᠭᠯᠡᠬᠦ ᠵᠠᠷᠯᠢᠭ ᠢ ᠦᠨᠳᠦᠰᠦᠯᠡᠨ ᠳᠡᠰ ᠳᠠᠷᠠᠭᠠᠯᠠᠯ ᠶᠣᠰᠣᠭᠠᠷ ᠵᠣᠬᠢᠶᠠᠨ ᠪᠠᠶᠢᠭᠤᠯᠵᠤ ᠰᠢᠯᠵᠢᠭᠦᠯᠦᠨ ᠭᠠᠷᠭᠠᠨ᠎ᠠ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠤᠰᠢᠭᠤᠨ ᠳᠣᠲᠣᠷᠠᠬᠢ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠪᠠ ᠬᠡᠷᠡᠭᠯᠡᠬᠦ ᠰᠢᠢᠳᠪᠦᠷᠢᠲᠦ ᠪᠣᠳᠣᠯᠭ᠎ᠠ ᠶᠢ ᠳᠤᠷᠠᠳᠤᠨ ᠭᠠᠷᠭᠠᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠣᠨ ᠤ ᠬᠤᠳᠠᠯᠳᠤᠨ ᠠᠪᠬᠤ ᠲᠥᠯᠥᠪᠯᠡᠭᠡ ᠶᠢ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠬᠥᠳᠡᠯᠭᠡᠨ ᠬᠡᠷᠡᠭᠯᠡᠬᠦ ᠵᠠᠷᠯᠢᠭ ᠪᠠᠭᠤᠯᠭᠠᠨ᠎ᠠ᠃      4. ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠲᠠᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠃ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠪᠤᠰᠤᠳ ᠴᠢᠬᠤᠯᠠ ᠬᠡᠷᠡᠭᠯᠡᠭᠡᠨ ᠤ ᠵᠦᠢᠯ ᠤᠨ ᠨᠥᠭᠡᠴᠡᠯᠡᠯᠲᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠮᠢᠬᠠᠨ ᠤ ᠵᠦᠢᠯ ᠤᠨ ᠨᠥᠭᠡᠴᠡ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠢ ᠬᠢᠯᠢ ᠬᠢᠵᠠᠭᠠᠷ ᠣᠷᠣᠨ ᠤ ᠴᠠᠶ ᠶᠢᠨ ᠨᠥᠭᠡᠴᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃      ᠳᠣᠲᠣᠭᠠᠳᠤ ᠪᠠᠶᠢᠭᠤᠯᠤᠮᠵᠢ᠄ ᠰᠥᠨᠢᠳ ᠪᠠᠷᠠᠭᠤᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠣᠲᠣᠭᠠᠳᠤ ᠪᠠᠶᠢᠭᠤᠯᠤᠮᠵᠢ ᠶᠢᠨ ᠬᠠᠷᠢᠶ᠎ᠠ ᠨᠢᠭᠤᠴᠠ ᠲᠠᠰ ᠤᠨ ᠤᠯᠤᠰ ᠤᠨ ᠨᠢᠭᠤᠴᠠ ᠶᠢ ᠦᠨᠳᠦᠰᠦᠯᠡᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ︵2019 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ 711 ᠳ᠋ᠦ᠋ᠭᠡᠷ ᠲᠣᠭᠠᠲᠤ ᠵᠠᠷᠯᠢᠭ︶ ᠤᠨ ᠲᠣᠭᠲᠠᠭᠠᠯ ᠢ ᠦᠨᠳᠦᠰᠦᠯᠡᠨ ᠢᠯᠡ ᠪᠣᠯᠭᠠᠬᠤ ᠥᠬᠡᠶ᠃      ᠬᠠᠶ᠋ᠢᠭ᠄ ᠰᠥᠨᠢᠳ ᠪᠠᠷᠠᠭᠤᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠴᠡᠷᠢᠭ ᠠᠴᠠ ᠬᠠᠯᠠᠭᠳᠠᠭᠰᠠᠳ ᠤᠨ ᠶᠡᠷᠦᠩᠬᠡᠶᠢᠯᠡᠭᠰᠡᠨ ᠠᠰᠠᠷ ᠤᠨ 2 ᠳ᠋ᠤᠭᠠᠷ ᠠᠰᠠᠷ ᠤᠨ ᠬᠠᠷᠢᠯᠴᠠᠬᠤ ᠤᠲᠠᠰᠤ᠄ 0479 - 7222357      ᠠᠵᠢᠯᠯᠠᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯ ᠤᠨ ᠡᠳᠦᠷ ᠤᠨ ᠦᠳᠡ ᠶᠢᠨ ᠡᠮᠦᠨ᠎ᠡ᠄ 8᠄ 30 - 12᠄ 00 ᠦᠳᠡ ᠶᠢᠨ ᠬᠤᠶᠢᠨᠠᠬᠢ 2᠄ 30 - 5᠄ 30 ᠬᠠᠷᠢᠭᠤᠴᠠᠯᠭᠠᠲᠠᠨ᠄ ᠭᠦᠸᠧ ᠮᠥ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号