ᠪᠠᠶᠢᠭᠤᠯᠤᠮᠵᠢ ᠶᠢᠨ ᠡᠭᠦᠷᠭᠡ ᠴᠢᠳᠠᠪᠤᠷᠢ | ᠰᠥᠨᠢᠳ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯ ᠰᠥᠨᠢᠳ ᠪᠠᠷᠠᠭᠤᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠣᠤᠷ᠎ᠠ ᠪᠠᠶᠢᠭᠤᠯᠤᠭᠰᠠᠨ ᠵᠠᠰᠠᠭ ᠵᠠᠬᠢᠷᠭᠠᠨ ᠤ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠪᠣᠯᠤᠨ᠎ᠠ᠃ ᠪᠥᠬᠦ ᠬᠤᠰᠢᠭᠤᠨ ᠤ ᠬᠡᠤᠬᠡᠳ ᠤᠨ ᠰᠤᠷᠭᠠᠨ ᠬᠥᠮᠦᠵᠢᠯ᠂ ᠪᠠᠭ᠎ᠠ | ᠰᠤᠷᠭᠠᠭᠤᠯᠢ ᠶᠢᠨ ᠰᠤᠷᠭᠠᠨ ᠬᠥᠮᠦᠵᠢᠯ᠂ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠵᠢᠴᠢ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ ᠤᠨ ᠬᠠᠮᠢᠶᠠᠷᠤᠯᠲᠠ ᠶᠢᠨ ᠠᠵᠢᠯ ᠢ | ᠪᠣᠳᠠᠲᠠᠶ ᠭᠦᠢᠴᠡᠳᠬᠡᠨ᠎ᠡ︔ ᠡᠯ᠎ᠡ ᠲᠥᠷᠥᠯ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠪᠠ | ᠰᠤᠷᠭᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ ᠬᠠᠮᠢᠶᠠᠷᠤᠨ᠎ᠠ︔ ᠪᠦᠬᠦ ᠬᠤᠰᠢᠭᠤᠨ ᠤ | ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ ᠰᠤᠷᠭᠠᠨ ᠬᠦᠮᠦᠵᠢᠯ ᠤᠨ ᠳᠤᠪᠴᠢᠶ᠎ᠡ ᠶᠢᠨ ᠳᠤᠳᠤᠭᠠᠳᠤ ᠳᠤ ᠠᠯᠪᠠᠨ ᠬᠡᠷ᠂ ᠠᠵᠢᠯᠳᠠᠨ ᠤ | ᠶᠠᠪᠤᠳᠠᠯ ᠤᠨ ᠪᠠᠭᠰᠢ ᠶᠢᠨ ᠬᠠᠮᠢᠶᠠᠷᠤᠯᠳᠠ ᠶᠢᠨ ᠳᠠᠰᠤᠭ᠂ ᠬᠦᠭᠵᠢᠯᠳᠡ ᠶᠢᠨ ᠳᠦᠯᠦᠪᠵᠢᠬᠦᠯᠬᠡ ᠪᠤᠯᠤᠨ ᠡᠳ᠋ ᠤᠨ | ᠶᠠᠪᠤᠳᠠᠯ ᠤᠨ ᠳᠠᠰᠤᠭ᠂ ᠰᠠᠭᠤᠷᠢ ᠰᠤᠷᠭᠠᠨ ᠬᠦᠮᠦᠵᠢᠯ ᠤᠨ ᠳᠠᠰᠤᠭ ᠵᠡᠷᠬᠡ 4 ᠡᠬᠦᠷᠬᠡ ᠴᠢᠳᠠᠪᠬᠢ ᠶᠢᠨ ᠳᠠᠰᠤᠭ | ᠳᠤᠬᠢᠷᠠᠭᠤᠯᠪᠠ᠃ | ᠳᠣᠲᠣᠭᠠᠳᠤ ᠪᠠᠶᠢᠭᠤᠯᠤᠮᠵᠢ᠄ ᠰᠥᠨᠢᠳ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ | ᠭᠤᠷᠪᠠ ᠶᠢ ᠲᠣᠭᠲᠠᠭᠠᠭᠰᠠᠨ ᠲᠥᠰᠦᠯ ᠨᠢ ᠨᠢᠭᠤᠴᠠ ᠲᠠᠰ ᠤᠨ ᠤᠯᠤᠰ ᠤᠨ ᠨᠢᠭᠤᠴᠠ ᠳᠤ ᠬᠠᠷᠢᠶᠠᠯᠠᠭᠳᠠᠨ᠎ᠠ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠲᠦᠷᠢᠮ︾ ︵2019 ᠣᠨ ᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ 711 ᠳ᠋ᠦ᠋ᠭᠡᠷ ᠲᠣᠭᠠᠲᠤ ᠵᠠᠷᠯᠢᠭ︶ ᠤᠨ | ᠲᠣᠭᠲᠠᠭᠠᠯ ᠢ ᠦᠨᠳᠦᠰᠦᠯᠡᠨ ᠢᠯᠡ ᠪᠣᠯᠭᠠᠬᠤ ᠥᠬᠡᠶ᠃ | ᠬᠠᠶ᠋ᠢᠭ᠄ ᠰᠥᠨᠢᠳ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠪᠠ ᠠᠮᠢ ᠠᠬᠤᠶ ᠶᠢᠨ ᠣᠷᠴᠢᠨ | ᠲᠣᠭᠤᠷᠢᠨ ᠤ ᠶᠡᠷᠦᠩᠬᠡᠶᠢᠯᠡᠭᠰᠡᠨ ᠠᠰᠠᠷ ᠤᠨ ᠪᠠᠷᠠᠭᠤᠨ ᠬᠠᠭᠠᠰ ᠲᠠᠯ᠎ᠠ ᠶᠢᠨ ᠬᠠᠷᠢᠯᠴᠠᠬᠤ ᠤᠲᠠᠰᠤ᠄ 0479 - | 7222513 | ᠠᠵᠢᠯᠯᠠᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯ ᠤᠨ ᠡᠳᠦᠷ ᠤᠨ ᠦᠳᠡ ᠶᠢᠨ ᠡᠮᠦᠨ᠎ᠡ᠄ 8᠄ 30 - | 12᠄ 00 ᠦᠳᠡ ᠶᠢᠨ ᠬᠤᠶᠢᠨᠠᠬᠢ 2᠄ 30 - 5᠄ 30 ᠬᠠᠷᠢᠭᠤᠴᠠᠯᠭᠠᠲᠠᠨ᠄ ᠲᠡᠮᠦᠷᠪᠠᠭᠠᠨ᠎ᠠ |